︽ᠵᠥᠪ ᠪᠢᠴᠢᠭ ᠦᠨ ᠳᠦᠷᠢᠮ︾ ᠤᠨ ᠰᠤᠷᠭᠠᠯᠲᠠ ᠵᠣᠬᠢᠶᠠᠨ ᠪᠠᠶᠢᠭᠤᠯᠤᠨ᠎ᠠ | News.MN

︽ᠵᠥᠪ ᠪᠢᠴᠢᠭ ᠦᠨ ᠳᠦᠷᠢᠮ︾ ᠤᠨ ᠰᠤᠷᠭᠠᠯᠲᠠ ᠵᠣᠬᠢᠶᠠᠨ ᠪᠠᠶᠢᠭᠤᠯᠤᠨ᠎ᠠ

ᠣᠷᠬᠣᠨ ᠠᠶᠢᠮᠠᠭ ᠳᠠᠬᠢ ︽ᠮᠣᠩᠭᠣᠯ ᠬᠡᠯᠡᠨ ᠦ ᠰᠠᠯᠪᠤᠷᠢ ᠵᠥᠪᠯᠡᠯ︾ ᠤᠨ ᠭᠡᠰᠢᠭᠦᠳ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠤᠳᠤᠷᠢᠳᠤᠯᠭ᠎ᠠ ᠨᠠᠷ ᠲᠠᠢ ᠠᠭᠤᠯᠵᠠᠵᠤ᠂ ︽ᠮᠣᠩᠭᠣᠯ ᠬᠡᠯᠡᠨ ᠦ ᠲᠤᠬᠠᠢ︾ ᠬᠠᠤᠯᠢ ᠪᠣᠯᠤᠨ ︽ᠦᠨᠳᠦᠰᠦᠨ ᠦ ᠪᠢᠴᠢᠭ ᠦᠰᠦᠭ ᠦᠨ ᠡᠳᠦᠷ︾ ᠢ ᠲᠡᠮᠳᠡᠭᠯᠡᠬᠦ᠂ ᠬᠡᠪᠯᠡᠯ ᠮᠡᠳᠡᠭᠡᠯᠡᠯ ᠦᠨ ᠬᠡᠷᠡᠭᠰᠡᠯ ᠢᠶᠡᠷ ᠭᠠᠷᠴᠤ ᠪᠤᠢ ᠮᠡᠳᠡᠭᠡ ᠮᠡᠳᠡᠭᠡᠯᠡᠯ ᠦᠨ ᠠᠯᠳᠠᠭ᠎ᠠ᠂ ᠵᠥᠪ ᠪᠢᠴᠢᠭ ᠦᠨ ᠳᠦᠷᠢᠮ ᠦᠨ ᠲᠠᠯ᠎ᠠ ᠪᠠᠷ ᠶᠠᠷᠢᠯᠴᠠᠯ᠎ᠠ᠃
ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠪᠡᠯᠡᠳᠬᠡᠵᠦ ᠪᠤᠢ ᠮᠡᠳᠡᠭᠡ᠂ ᠰᠤᠷᠪᠤᠯᠵᠢᠯᠠᠭ᠎ᠠ᠂ ᠨᠡᠪᠲᠡᠷᠡᠭᠦᠯᠭᠡ ᠳᠦ ᠦᠭᠡ ᠦᠰᠦᠭ᠂ ᠵᠥᠪ ᠪᠢᠴᠢᠭ ᠦᠨ ᠳᠦᠷᠢᠮ ᠦᠨ ᠠᠯᠳᠠᠭ᠎ᠠ ᠶᠡᠬᠡ ᠪᠠᠶᠢᠭ᠎ᠠ ᠲᠤᠯᠠ ᠰᠡᠳᠬᠦᠯᠴᠢ᠂ ᠤᠷᠠᠨ ᠪᠦᠲᠦᠭᠡᠯᠴᠢᠳ ᠢ ᠰᠤᠷᠭᠠᠯᠲᠠ ᠳᠤ ᠬᠠᠮᠤᠷᠤᠭᠤᠯᠬᠤ᠂ ᠣᠯᠠᠨ ᠨᠡᠶᠢᠲᠡ ᠶᠢ ᠡᠬᠡ ᠬᠡᠯᠡ ᠪᠡᠷ ᠢᠶᠡᠨ ᠵᠥᠪ ᠪᠢᠴᠢᠬᠦ ᠶᠢ ᠤᠷᠢᠶᠠᠯᠠᠵᠤ ᠲᠥᠰᠥᠯ ᠬᠡᠷᠡᠭᠵᠢᠭᠦᠯᠬᠦ᠂ ᠪᠠᠶᠢᠭᠤᠯᠤᠯᠭ᠎ᠠ ᠪᠦᠷ ᠷᠧᠳᠠᠺᠲᠣᠷ ᠲᠠᠢ ᠪᠣᠯᠬᠤ ᠭᠡᠰᠡᠨ ᠰᠠᠨᠠᠯ ᠤᠳ ᠳᠡᠭᠡᠷᠡᠬᠢ ᠠᠭᠤᠯᠵᠠᠯᠲᠠ ᠶᠢᠨ ᠦᠶ᠎ᠡ ᠪᠡᠷ ᠭᠠᠷᠤᠭᠰᠠᠨ ᠶᠤᠮ᠃
ᠮᠥᠨ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠪᠦᠷᠢ ᠡᠬᠡ ᠬᠡᠯᠡᠨ ᠦ ᠨᠡᠪᠲᠡᠷᠡᠭᠦᠯᠭᠡ ᠪᠡᠯᠡᠳᠬᠡᠬᠦ᠂  ᠬᠤᠪᠢ ᠶᠢᠨ ᠬᠡᠪᠰᠢᠯ ᠦᠨ ᠪᠠᠶᠢᠭᠤᠯᠤᠯᠭ᠎ᠠ ᠨᠤᠭᠤᠳ ᠢ ᠦᠨᠳᠦᠰᠦᠨ ᠦ ᠪᠢᠴᠢᠭ ᠢᠶᠡᠷ ᠢᠶᠡᠨ ᠬᠠᠶ᠋ᠢᠭᠵᠢᠯᠲᠠ ᠪᠠᠨ ᠬᠢᠬᠦ ᠶᠢ ᠤᠷᠢᠶᠠᠯᠠᠬᠤ᠂ ᠣᠯᠠᠨ ᠨᠡᠶᠢᠲᠡ ᠶᠢᠨ ᠠᠯᠳᠠᠭ᠎ᠠ ᠲᠠᠢ ᠪᠢᠴᠢᠵᠦ ᠪᠤᠢ ᠦᠭᠡ ᠶᠢ ᠰᠤᠳᠤᠯᠬᠤ ᠵᠡᠷᠭᠡ ᠣᠯᠠᠨ ᠠᠰᠠᠭᠤᠳᠠᠯ ᠢ ᠬᠡᠯᠡᠯᠴᠡᠯ᠎ᠡ᠃ ᠡᠶᠢᠮᠦ ᠳᠦ ᠲᠠᠪᠤᠳᠤᠭᠠᠷ ᠰᠠᠷ᠎ᠠ ᠶᠢᠨ 3 ᠪᠤᠶᠤ ︽ᠬᠡᠪᠯᠡᠯ ᠦᠨ ᠡᠷᠬᠡ ᠴᠢᠯᠦᠭᠡᠨ ᠦ ᠡᠳᠦᠷ︾ ᠢ ᠤᠭᠲᠤᠨ ᠣᠷᠬᠣᠨ ᠠᠶᠢᠮᠠᠭ ᠲᠤ ᠦᠢᠯᠡ ᠠᠵᠢᠯᠯᠠᠭ᠎ᠠ ᠶᠠᠪᠤᠭᠤᠯᠵᠤ ᠪᠤᠢ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠰᠡᠳᠬᠦᠯᠴᠢᠳ ᠲᠦ ︽ᠵᠥᠪ ᠪᠢᠴᠢᠭ ᠦᠨ ᠳᠦᠷᠢᠮ︾ ᠍ ᠦᠨ ᠲᠠᠯ᠎ᠠ ᠪᠠᠷ ᠰᠤᠷᠭᠠᠯᠲᠠ ᠵᠣᠬᠢᠶᠠᠨ ᠪᠠᠶᠢᠭᠤᠯᠬᠤ ᠪᠠᠷ ᠪᠣᠯᠤᠯ᠎ᠠ᠃ ᠲᠡᠭᠦᠨᠴᠢᠯᠡᠨ ᠣᠷᠬᠣᠨ ᠠᠶᠢᠮᠠᠭ ᠲᠤ ᠠᠵᠢᠯᠯᠠᠵᠤ ᠪᠤᠢ ᠮᠣᠩᠭᠣᠯ ᠬᠡᠯᠡ᠂ ᠤᠷᠠᠨ ᠵᠣᠬᠢᠶᠠᠯ ᠤᠨ 90᠂ ᠲᠡᠳᠬᠦᠪᠦᠷᠢ ᠳᠦ ᠭᠠᠷᠤᠭᠰᠠᠨ ᠵᠥᠪᠯᠡᠬᠦ ᠪᠡᠷ ᠠᠵᠢᠯᠯᠠᠵᠤ ᠪᠤᠢ 10 ᠭᠠᠷᠤᠢ ᠪᠠᠭᠰᠢ ᠶᠢ ᠨᠡᠶᠢᠲᠡᠯᠡᠯ᠂ ᠨᠡᠪᠲᠡᠷᠡᠭᠦᠯᠭᠡ ᠳᠦ ᠪᠡᠨ ᠣᠷᠤᠯᠴᠠᠭᠤᠯᠵᠤ ᠰᠣᠶᠣᠨ ᠭᠡᠭᠡᠷᠡᠭᠦᠯᠬᠦ ᠠᠵᠢᠯ ᠢ ᠬᠠᠮᠲᠤᠷᠠᠨ ᠬᠡᠷᠡᠭᠵᠢᠭᠦᠯᠬᠦ ᠪᠡᠷ ᠪᠣᠯᠪᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

БААГИЙ 2019-03-21 182.160.33.104

Монгол бичгээр бичихэд үсгийн фондыг ямар аргаар авах мөн алдаатай бичсэнээ хэрхэн засах вэ?