ᠨᠡᠶᠢᠲᠡ ᠶᠢᠨ ᠬᠡᠪ ᠵᠢᠷᠤᠮ ᠬᠠᠮᠠᠭᠠᠯᠠᠬᠤ᠂ ᠣᠯᠠᠨ ᠨᠡᠶᠢᠲᠡ ᠶᠢᠨ ᠠᠶᠤᠯ ᠦᠭᠡᠢ ᠪᠠᠶᠢᠳᠠᠯ ᠢ ᠬᠠᠩᠭᠠᠬᠤ ᠠᠯᠪᠠᠨ ᠤ ᠨᠡᠷᠡᠮᠵᠢᠲᠦ ᠴᠠᠭᠳᠠᠭ᠎ᠠ᠂ ᠳᠣᠲᠣᠭᠠᠳᠤ ᠶᠢᠨ ᠴᠡᠷᠢᠭ ᠦᠨ ᠠᠩᠭᠢ ᠪᠠᠶᠢᠭᠤᠯᠤᠯᠭ᠎ᠠ ᠶᠢᠨ ︽ᠵᠢᠦ᠋ᠳᠣ᠋ ᠪᠥᠬᠡ ︾ ᠶᠢᠨ 2019 ᠣᠨ ᠤ ᠠᠪᠤᠷᠭᠤ ᠰᠢᠯᠭᠠᠷᠠᠭᠤᠯᠬᠤ ᠲᠡᠮᠡᠴᠡᠭᠡᠨ 2019 ᠣᠨ ᠤ 03 ᠳ᠋ᠤᠭᠠᠷ ᠰᠠᠷ᠎ᠠ ᠶᠢᠨ 22 ᠍ ᠤ ᠡᠳᠦᠷ ᠪᠣᠯᠵᠠᠢ᠃ ᠤᠭ ᠲᠡᠮᠡᠴᠡᠭᠡᠨ ︽ᠰᠫᠣᠷᠲ ᠤᠨ ᠲᠥᠪ ᠣᠷᠳᠣᠨ ︾᠍ ᠳᠦ ᠠᠮᠵᠢᠯᠲᠠᠲᠠᠢ ᠵᠣᠬᠢᠶᠠᠨ ᠪᠠᠶᠢᠭᠤᠯᠤᠭᠳᠠᠭᠰᠠᠨ ᠪᠥᠭᠡᠳ 200 ᠭᠠᠷᠤᠢ ᠲᠠᠮᠢᠷᠴᠢᠳ ᠬᠤᠷᠳᠤ ᠬᠦᠴᠦ᠂ ᠠᠪᠬᠠᠯᠵᠢ ᠰᠠᠮᠪᠠᠭ᠎ᠠ ᠪᠠᠨ ᠰᠣᠷᠢᠨ ᠥᠷᠢᠰᠦᠯᠳᠦᠪᠡ᠃
ᠪᠠᠭ ᠤᠨ ᠳ᠋ᠦᠩ ᠢᠶᠡᠷ ᠲᠤᠰ ᠠᠯᠪᠠᠨ ᠤ ᠡᠷᠭᠢᠭᠦᠯ᠂ ᠬᠠᠮᠠᠭᠠᠯᠠᠯᠲᠠ ᠶᠢᠨ ᠭᠠᠵᠠᠷ ᠬᠣᠶᠠᠷ ᠠᠯᠲᠠ᠂ ᠨᠢᠭᠡ ᠮᠥᠩᠭᠥ᠂ ᠨᠢᠭᠡ ᠬᠦᠷᠡᠯ ᠮᠧᠳᠠᠯ ᠬᠦᠷᠲᠡᠭᠰᠡᠨ ᠠᠮᠵᠢᠯᠲᠠ ᠪᠠᠷ ᠲᠡᠷᠢᠭᠦᠨ ᠪᠠᠶᠢᠷᠢ᠂ ᠳᠣᠲᠣᠭᠠᠳᠤ ᠶᠢᠨ ᠴᠡᠷᠢᠭ ᠦᠨ 05 ᠳ᠋ᠤᠭᠠᠷ ᠠᠩᠭᠢ ᠨᠢᠭᠡ ᠠᠯᠲᠠ᠂ ᠨᠢᠭᠡ ᠮᠥᠩᠭᠥ᠂ ᠨᠢᠭᠡ ᠬᠦᠷᠡᠯ ᠮᠧᠳᠠᠯ ᠬᠦᠷᠲᠡᠭᠰᠡᠨ ᠠᠮᠵᠢᠯᠲᠠ ᠪᠠᠷ ᠳᠡᠳ᠋ ᠪᠠᠶᠢᠷᠢ᠂ ᠲᠡᠭᠡᠭᠡᠪᠦᠷᠢ ᠶᠢᠨ ᠴᠠᠭᠳᠠᠭ᠎ᠠ ᠶᠢᠨ ᠠᠯᠪᠠ ᠨᠢᠭᠡ ᠠᠯᠲᠠ᠂ ᠭᠤᠷᠪᠠᠨ ᠬᠦᠷᠡᠯ ᠮᠧᠳᠠᠯ ᠬᠦᠷᠲᠡᠭᠰᠡᠨ ᠠᠮᠵᠢᠯᠲᠠ ᠪᠠᠷ ᠭᠤᠲᠠᠭᠠᠷ ᠪᠠᠶᠢᠷᠢ ᠍ ᠳᠦ᠂ ︽ᠰᠢᠯᠢᠳᠡᠭ ᠡᠷᠡᠭᠲᠡᠢ ᠲᠠᠮᠢᠷᠴᠢᠨ︾ ᠢᠶᠡᠷ ᠥᠪᠦᠷᠬᠠᠩᠭᠠᠢ ᠠᠶᠢᠮᠠᠭ ᠳᠠᠬᠢ ᠴᠠᠭᠳᠠᠭ᠎ᠠ ᠶᠢᠨ ᠭᠠᠵᠠᠷ ᠤᠨ ᠡᠷᠭᠢᠭᠦᠯ ᠦᠨ ᠴᠠᠭᠳᠠᠭ᠎ᠠ ᠪ∙ᠰᠠᠩᠭᠢᠰᠦ᠋ᠷᠦᠩ᠂ ︽ᠰᠢᠯᠢᠳᠡᠭ ᠡᠮᠡᠭᠲᠡᠢ ᠲᠠᠮᠢᠷᠴᠢᠨ︾ ᠢᠶᠡᠷ ᠪᠠᠶᠠᠨᠵᠢᠷᠦᠬᠡ ᠳᠡᠭᠦᠷᠭᠡ ᠳ᠋ᠡᠬᠢ ᠴᠠᠭᠳᠠᠭ᠎ᠠ ᠶᠢᠨ ᠨᠢᠭᠡᠳᠦᠭᠡᠷ ᠬᠡᠯᠲᠡᠰ ᠦᠨ ᠡᠷᠭᠢᠭᠦᠯ ᠦᠨ ᠣᠹᠢᠼᠧᠷ ᠲ∙ᠪᠠᠲᠤᠲᠡᠭᠦᠰ ᠨᠠᠷ ᠲᠤᠰ ᠲᠤᠰ ᠰᠢᠯᠭᠠᠷᠠᠭᠰᠠᠨ ᠪᠠᠶᠢᠨ᠎ᠠ᠃