ᠴᠣᠭᠲᠤᠪᠠᠭᠠᠲᠤᠷ ᠰᠠᠶᠢᠳ ᠤᠯᠠᠨ ᠤᠯᠤᠰ ᠤᠨ ᠬᠤᠷᠠᠯ ᠳᠠᠷᠤᠭᠠᠯᠠᠨ᠎ᠠ | News.MN

ᠴᠣᠭᠲᠤᠪᠠᠭᠠᠲᠤᠷ ᠰᠠᠶᠢᠳ ᠤᠯᠠᠨ ᠤᠯᠤᠰ ᠤᠨ ᠬᠤᠷᠠᠯ ᠳᠠᠷᠤᠭᠠᠯᠠᠨ᠎ᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ ᠨᠣᠮᠣᠬᠠᠨ ᠳᠠᠯᠠᠢ ᠶᠢᠨ ᠡᠳ᠋ ᠦᠨ ᠵᠠᠰᠠᠭ᠂ ᠨᠡᠶᠢᠭᠡᠮ ᠤᠨ ᠺᠣᠮᠢᠰ ᠤᠨ 75 ᠳ᠋ᠤᠭᠠᠷ ᠴᠢᠭᠤᠯᠭᠠᠨ ᠤ ᠳᠠᠷᠤᠭ᠎ᠠ ᠪᠠᠷ ᠭᠠᠳᠠᠭᠠᠳᠤ ᠬᠠᠷᠢᠯᠴᠠᠭᠠᠨ ᠤ ᠰᠠᠶᠢᠳ ᠳ ∙ ᠴᠣᠭᠲᠤᠪᠠᠭᠠᠲᠤᠷ ᠰᠣᠩᠭᠣᠭᠳᠠᠪᠠ ᠃ ᠲᠠᠶᠢᠯᠠᠨᠳ᠋ ᠤᠯᠤᠰ ᠤᠨ ᠨᠡᠶᠢᠰᠯᠡᠯ ᠪᠠᠩᠺᠤᠺ ᠬᠤᠲᠠ ᠳᠤ ᠡᠨᠡ ᠣᠨ ᠤ ᠲᠠᠪᠤᠳᠤᠭᠠᠷ ᠰᠠᠷ᠎ᠠ ᠶᠢᠨ 27-31 ᠍ ᠳᠦ ᠪᠣᠯᠬᠤ ᠡᠨᠡ ᠤᠳᠠᠭ᠎ᠠ ᠶᠢᠨ ᠴᠢᠭᠤᠯᠭᠠᠨ  ︽ᠢᠷᠭᠡᠳ ᠢ ᠴᠢᠳᠠᠪᠬᠢᠵᠢᠭᠤᠯᠬᠤ ᠨᠢ ᠂ ᠣᠷᠣᠯᠴᠠᠭ᠎ᠠ᠂ ᠲᠡᠭᠰᠢ ᠪᠠᠶᠢᠳᠠᠯ ᠢ ᠬᠠᠩᠭᠠᠬᠤ ᠨᠢ︾ ᠰᠡᠳᠦᠪ ᠦᠨ ᠬᠦᠷᠢᠶᠡᠨ ᠳᠦ ᠪᠣᠯᠬᠤ ᠶᠤᠮ᠃ ᠠᠽᠢᠶ᠎ᠠ᠂ ᠨᠣᠮᠣᠬᠠᠨ ᠳᠠᠯᠠᠢ ᠶᠢᠨ ᠡᠳ᠋ ᠍ ᠦᠨ ᠵᠠᠰᠠᠭ᠂ ᠨᠡᠶᠢᠭᠡᠮ ᠤᠨ ᠺᠣᠮᠢᠰ ᠨᠢ ᠪᠥᠰᠡ ᠨᠤᠲᠤᠭ ᠤᠨ ᠲᠣᠭᠲᠠᠪᠤᠷᠢᠲᠠᠢ ᠬᠥᠭᠵᠢᠯ ᠢ ᠳᠡᠮᠵᠢᠬᠦ ᠴᠢᠭᠯᠡᠯ ᠢᠶᠡᠷ ᠠᠵᠢᠯᠯᠠᠳᠠᠭ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠪᠦᠲᠦᠴᠡ ᠪᠥᠭᠡᠳ ᠡᠨᠡ ᠤᠳᠠᠭ᠎ᠠ ᠶᠢᠨ ᠴᠢᠭᠤᠯᠭᠠᠨ ᠤ ᠦᠶ᠎ᠡ ᠪᠡᠷ ᠠᠬᠠᠯᠠᠬᠤ ᠠᠯᠪᠠᠨ ᠲᠤᠰᠢᠶᠠᠯᠲᠠᠨ ᠨᠤᠭᠤᠳ ᠤᠨ ᠠᠭᠤᠯᠵᠠᠯᠲᠠ᠂ ᠰᠠᠶᠢᠳ ᠨᠠᠷ ᠤᠨ ᠲᠦᠪᠰᠢᠨ ᠦ ᠬᠤᠷᠠᠯᠳᠤᠭᠠᠨ ᠪᠣᠯᠬᠤ  ᠠᠵᠠᠢ᠃ ᠡᠶᠢᠨ ᠬᠦ ᠮᠣᠩᠭᠣᠯ ᠤᠯᠤᠰ 20 ᠵᠢᠯ ᠦᠨ ᠳᠠᠷᠠᠭ᠎ᠠ ᠲᠤᠰ ᠪᠠᠶᠢᠭᠤᠯᠤᠯᠭ᠎ᠠ ᠶᠢᠨ ᠴᠢᠭᠤᠯᠭᠠᠨ ᠤ ᠳᠠᠷᠤᠭ᠎ᠠ ᠪᠠᠷ ᠰᠣᠩᠭᠣᠭᠳᠠᠨ ᠠᠵᠢᠯᠯᠠᠬᠤ ᠪᠠᠷ ᠪᠣᠯᠤᠯ᠎ᠠ᠃

ᠰᠡᠳᠬᠢᠭᠳᠡᠯ ᠦᠯᠡᠳᠡᠭᠡᠬᠦ