ᠮᠣᠩᠭᠣᠯ ᠪᠠᠩᠭᠢᠨ ᠤ ᠬᠢᠨᠠᠯᠲᠠ ᠶᠢᠨ ᠵᠥᠪᠯᠡᠯ ᠬᠤᠷᠠᠯᠳᠤᠯ᠎ᠠ | News.MN

ᠮᠣᠩᠭᠣᠯ ᠪᠠᠩᠭᠢᠨ ᠤ ᠬᠢᠨᠠᠯᠲᠠ ᠶᠢᠨ ᠵᠥᠪᠯᠡᠯ ᠬᠤᠷᠠᠯᠳᠤᠯ᠎ᠠ

ᠮᠣᠩᠭᠣᠯ ᠪᠠᠩᠭᠢᠨ ᠤ ᠬᠢᠨᠠᠯᠲᠠ ᠶᠢᠨ ᠵᠥᠪᠯᠡᠯ ᠦᠨ ᠡᠭᠡᠯᠵᠢᠲᠦ ᠬᠤᠷᠠᠯ 2019 ᠣᠨ ᠤ 3 ᠳ᠋ᠤᠭᠠᠷ ᠰᠠᠷ᠎ᠠ ᠶᠢᠨ 20 ᠍ ᠳᠦ ᠪᠣᠯᠪᠠ᠃ ᠬᠤᠷᠠᠯ ᠢᠶᠠᠷ ᠮᠣᠩᠭᠣᠯ ᠪᠠᠩᠭᠢᠨ ᠤ 2018 ᠣᠨ ᠤ ᠲᠥᠰᠥᠪ᠂ ᠲᠡᠭᠦᠨ ᠦ ᠠᠰᠢᠭᠯᠠᠯᠲᠠ᠂ ᠲᠥᠰᠥᠪ ᠦᠨ ᠤᠳᠤᠷᠢᠳᠤᠯᠭ᠎ᠠ ᠶᠢᠨ  ᠲᠤᠬᠠᠢ ᠮᠡᠳᠡᠭᠡᠯᠡᠯ ᠢ ᠰᠣᠨᠣᠰᠤᠭᠠᠳ ᠮᠣᠩᠭᠣᠯ ᠪᠠᠩᠬᠢ  ᠲᠦᠰᠦᠪᠲᠤ ᠵᠠᠷᠤᠳᠠᠯ᠂ ᠲᠡᠭᠦᠨ ᠦ  ᠬᠤᠪᠢᠶᠠᠷᠢᠯᠠᠯᠲᠠ ᠶᠢ ᠥᠪᠡᠷ ᠦᠨ ᠦᠨᠳᠦᠰᠦᠨ ᠵᠣᠷᠢᠯᠲᠠ᠂ ᠴᠢᠭ ᠡᠭᠦᠷᠭᠡ ᠲᠡᠢ ᠬᠣᠯᠪᠣᠨ ᠠᠪᠴᠤ ᠦᠵᠡᠵᠦ ᠳ᠋ᠦᠩᠨᠡᠵᠦ ᠪᠠᠶᠢᠬᠤ᠂ ᠰᠠᠭᠤᠷᠢ᠂ ᠤᠷᠤᠰᠬᠠᠯ ᠵᠠᠷᠤᠳᠠᠯ ᠢ ᠨᠣᠷᠮᠠᠴᠢᠯᠠᠬᠤ᠂ ᠥᠰᠦᠯᠲᠡ ᠶᠢ ᠬᠢᠵᠠᠭᠠᠷᠯᠠᠬᠤ ᠪᠣᠯᠤᠮᠵᠢ ᠶᠢ ᠰᠤᠳᠤᠯᠬᠤ᠂ ᠵᠠᠬᠢᠶᠠᠯᠠᠭ᠎ᠠ ᠪᠠᠷ ᠠᠪᠴᠤ ᠪᠤᠢ ᠭᠠᠳᠠᠭᠠᠳᠤ ᠬᠡᠯᠡ ᠳᠡᠭᠡᠷᠡᠬᠢ ᠮᠡᠳᠡᠭᠡ᠂ ᠰᠤᠳᠤᠯᠭ᠎ᠠ ᠶᠢ ᠣᠷᠴᠢᠭᠤᠯᠵᠤ᠂ ᠣᠯᠠᠨ ᠨᠡᠶᠢᠲᠡ ᠶᠢᠨ ᠬᠦᠷᠲᠡᠭᠡᠯ ᠪᠣᠯᠭᠠᠵᠤ ᠪᠠᠶᠢᠬᠤ ᠶᠢ ᠵᠥᠪᠯᠡᠪᠡ᠃
ᠮᠡᠳᠡᠭᠡᠯᠡᠯ ᠦᠨ ᠲᠧᠭᠨᠣᠯᠣᠭᠢ ᠶᠢᠨ ᠪᠠᠶᠢᠳᠠᠯ ᠲᠠᠢ ᠬᠣᠯᠪᠣᠭᠳᠠᠭᠤᠯᠤᠨ ᠮᠣᠩᠭᠣᠯ ᠪᠠᠩᠭᠢᠨ ᠨᠡᠶᠢᠲᠡ ᠰᠢᠰᠲ᠋ᠧᠮ ᠳᠦ ᠬᠡᠷᠡᠭᠯᠡᠵᠦ ᠪᠤᠢ ᠮᠡᠳᠡᠭᠡᠯᠡᠯ ᠦᠨ ᠲᠧᠭᠨᠣᠯᠣᠭᠢ᠂ ᠮᠡᠳᠡᠭᠡᠯᠡᠯ ᠦᠨ ᠪᠠᠭᠴᠠ ᠶᠢ ᠠᠷᠠᠯᠵᠢᠶᠠᠨ ᠤ ᠵᠠᠷᠢᠮ ᠪᠠᠩᠬᠢᠨ ᠤ ᠲᠡᠷᠢᠭᠦᠨ ᠲᠤᠷᠰᠢᠯᠭ᠎ᠠ ᠲᠠᠢ ᠵᠡᠷᠭᠡᠴᠡᠭᠦᠯᠦᠨ ᠦᠵᠡᠬᠦ᠂ ᠲᠧᠭᠨᠣᠯᠣᠭᠢ ᠶᠢᠨ ᠰᠢᠢᠳᠦᠯ᠂  ᠫᠷᠦᠭᠷᠡᠮ ᠬᠠᠩᠭᠠᠮᠵᠢ ᠶᠢᠨ ᠪᠠᠩᠬᠢ᠂ ᠰᠠᠩᠬᠦᠦ ᠶᠢᠨ ᠦᠵᠡᠭᠦᠯᠦᠯᠲᠡ ᠨᠦᠭᠦᠳ᠂ ᠥᠭᠭᠥᠭᠳᠡᠯ ᠳᠦ  ᠳ᠋ᠦᠩ ᠰᠢᠨᠵᠢᠯᠡᠭᠡ ᠬᠢᠬᠦ᠂ ᠮᠥᠨ  ︽ᠬᠥᠳᠡᠯᠮᠦᠷᠢ ᠶᠢᠨ ᠲᠤᠬᠠᠢ ︾ ᠬᠠᠤᠯᠢ ᠶᠢᠨ 22 ᠳ᠋ᠤᠭᠠᠷ ᠵᠦᠢᠯ ᠦᠨ ᠥᠨᠳᠥᠷ ᠤᠷ᠎ᠠ ᠴᠢᠳᠠᠪᠤᠷᠢ ᠶᠢ ᠦᠨᠡᠯᠡᠵᠦ ᠺᠣᠨᠲᠷᠠᠺᠲ ᠪᠠᠶᠢᠭᠤᠯᠬᠤ ᠪᠣᠯᠤᠮᠵᠢ ᠵᠡᠷᠭᠡ ᠶᠢ ᠠᠰᠢᠭᠯᠠᠬᠤ ᠶᠢ ᠬᠢᠨᠠᠯᠲᠠ ᠶᠢᠨ ᠵᠥᠪᠯᠡᠯ ᠦᠨ ᠭᠡᠰᠢᠭᠦᠳ ᠲᠡᠮᠳᠡᠭᠯᠡᠨ ᠶᠠᠷᠢᠯ᠎ᠠ᠃

ᠰᠡᠳᠬᠢᠭᠳᠡᠯ ᠦᠯᠡᠳᠡᠭᠡᠬᠦ