ᠲᠠᠲᠠᠪᠤᠷᠢ ᠶᠢᠨ ᠬᠤᠶᠠᠷ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢ ᠪᠠᠲᠤᠯᠠᠪᠠ | News.MN

ᠲᠠᠲᠠᠪᠤᠷᠢ ᠶᠢᠨ ᠬᠤᠶᠠᠷ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢ ᠪᠠᠲᠤᠯᠠᠪᠠ

ᠲᠥᠰᠥᠪ ᠦᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠲᠥᠰᠥᠯ ᠦᠨ ᠡᠴᠦᠰ ᠦᠨ ᠬᠡᠯᠡᠯᠴᠡᠭᠦᠯᠭᠡ ᠶᠢ ᠬᠢᠬᠦ ᠦᠶ᠎ᠡ ᠪᠡᠷ ᠠᠯᠤᠰᠯᠠᠭᠳᠠᠭᠰᠠᠨ ᠪᠥᠰᠡ ᠨᠤᠲᠤᠭ ᠲᠤ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠠᠵᠤ ᠠᠬᠤᠢ ᠶᠢᠨ ᠨᠢᠭᠡᠴᠡ ᠶᠢᠨ ᠦᠢᠯᠡ ᠠᠵᠢᠯᠯᠠᠭ᠎ᠠ ᠶᠢ ᠳᠡᠮᠵᠢᠬᠦ ᠳᠦ ᠪᠡᠨ ᠨᠡᠶᠢᠰᠯᠡᠯ ᠤᠯᠠᠭᠠᠨᠪᠠᠭᠠᠲᠤᠷ ᠬᠣᠲᠠ ᠠᠴᠠ 500 ᠺᠢᠯᠣᠮᠧᠲ᠋ᠷ ᠠᠯᠤᠰᠯᠠᠭᠳᠠᠭᠰᠠᠨ ᠪᠣᠯ 50  ᠬᠤᠪᠢ ᠪᠠᠷ᠂ 1000 ᠺᠢᠯᠣᠮᠧᠲ᠋ᠷ ᠠᠯᠤᠰᠯᠠᠭᠳᠠᠭᠰᠠᠨ ᠪᠣᠯ 90  ᠬᠤᠪᠢ ᠪᠠᠷ ᠠᠯᠪᠠᠨ ᠲᠠᠲᠠᠪᠤᠷᠢ ᠶᠢᠨ ᠬᠥᠩᠭᠡᠯᠡᠯᠲᠡ ᠦᠵᠡᠭᠦᠯᠬᠦ ᠪᠡᠷ ᠬᠣᠯᠪᠣᠭᠳᠠᠬᠤ ᠵᠢᠭᠠᠯᠲᠠ ᠶᠢ ᠥᠭᠡᠷᠡᠴᠢᠯᠡᠨ ᠨᠠᠶᠢᠷᠠᠭᠤᠯᠵᠠᠢ᠃ ᠲᠡᠵᠢᠭᠡᠯ᠂ ᠲᠡᠵᠢᠭᠡᠯ ᠦᠨ ᠤᠷᠭᠤᠮᠠᠯ᠂ ᠡᠷᠴᠢᠮᠵᠢᠭᠰᠡᠨ ᠲᠠᠬᠢᠶᠠᠨ ᠤ ᠠᠵᠤ ᠠᠬᠤᠢ ᠳᠤ ᠦᠢᠯᠡᠳᠪᠦᠷᠢᠯᠡᠭᠰᠡᠨ ᠮᠢᠬ᠎ᠠ᠂ ᠮᠢᠬᠠᠨ ᠪᠦᠲᠦᠭᠡᠭᠳᠡᠬᠦᠨ ᠳᠦ ᠠᠯᠪᠠᠨ ᠲᠠᠲᠠᠪᠤᠷᠢ ᠶᠢᠨ ᠬᠥᠩᠭᠡᠯᠡᠯᠲᠡ ᠦᠵᠡᠭᠦᠯᠬᠦ  ᠲᠤᠬᠠᠢ ᠨᠡᠮᠡᠵᠦ ᠲᠤᠰᠬᠠᠭᠰᠠᠨ ᠪᠠᠶᠢᠨ᠎ᠠ᠃ ᠳᠡᠭᠡᠷᠡᠬᠢ ᠰᠠᠨᠠᠯ ᠢ ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠳᠡᠮᠵᠢᠨ  ︽ᠠᠵᠤ ᠠᠬᠤᠢ ᠶᠢᠨ ᠨᠢᠭᠡᠴᠡ ᠶᠢᠨ ᠣᠷᠣᠯᠭ᠎ᠠ ᠶᠢᠨ ᠠᠯᠪᠠᠨ ᠲᠠᠲᠠᠪᠤᠷᠢ ᠶᠢᠨ ᠲᠤᠬᠠᠢ ︾ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠢ ᠪᠠᠲᠤᠯᠠᠯ᠎ᠠ᠃
︽ᠬᠤᠪᠢ ᠬᠦᠮᠦᠨ ᠦ ᠣᠷᠣᠯᠭ᠎ᠠ ᠶᠢᠨ ᠠᠯᠪᠠᠨ ᠲᠠᠲᠠᠪᠤᠷᠢ ᠶᠢᠨ ᠲᠤᠬᠠᠢ︾ ᠬᠠᠤᠯᠢ ᠶᠢᠨ ᠲᠥᠰᠥᠯ ᠦᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠦᠨ ᠠᠩᠬᠠᠨ ᠤ ᠬᠡᠯᠡᠯᠴᠡᠭᠦᠯᠭᠡ ᠶᠢ ᠨᠢᠭᠡᠳᠦᠭᠰᠡᠨ ᠬᠤᠷᠠᠯᠳᠤᠭᠠᠨ ᠢᠶᠠᠷ ᠶᠠᠪᠤᠭᠤᠯᠬᠤ ᠦᠶ᠎ᠡ ᠳᠦ ᠠᠵᠢᠯ ᠤᠨ ᠬᠡᠰᠡᠭ ᠪᠣᠯᠤᠨ ᠤᠯᠤᠰ ᠤᠨ ᠶᠡᠬᠡ ᠬᠤᠷᠠᠯ ᠤᠨ ᠨᠡᠷ᠎ᠡ ᠪᠦᠬᠦᠢ ᠭᠡᠰᠢᠭᠦᠳ ᠡᠴᠡ ᠭᠠᠷᠭᠠᠭᠰᠠᠨ ᠨᠡᠶᠢᠰᠯᠡᠯ ᠤᠯᠠᠭᠠᠨᠪᠠᠭᠠᠲᠤᠷ ᠬᠣᠲᠠ ᠠᠴᠠ ᠠᠯᠤᠰᠯᠠᠭᠳᠠᠭᠰᠠᠨ ᠠᠶᠢᠮᠠᠭ᠂ ᠰᠤᠮᠤᠨ ᠳᠤ ᠣᠷᠣᠰᠢᠨ ᠰᠠᠭᠤᠳᠠᠭ᠂ ᠲᠤᠬᠠᠢ ᠶᠢᠨ ᠣᠷᠣᠨ ᠨᠤᠲᠤᠭ ᠲᠤ ᠪᠦᠷᠢᠳᠬᠡᠯ ᠲᠡᠢ ᠮᠣᠩᠭᠣᠯ ᠤᠯᠤᠰ ᠤᠨ ᠢᠷᠭᠡᠨ ᠠᠯᠪᠠᠨ ᠲᠠᠲᠠᠪᠤᠷᠢ ᠲᠦᠯᠦᠭᠴᠢ  ᠶᠢᠨ ᠦᠢᠯᠡ ᠠᠵᠢᠯᠯᠠᠭᠠᠨ ᠤ ᠣᠷᠣᠯᠭ᠎ᠠ ᠳᠤ ᠨᠣᠭᠳᠠᠬᠤ ᠲᠠᠲᠠᠪᠤᠷᠢ ᠶᠢ ᠬᠥᠩᠭᠡᠯᠡᠬᠦ ᠰᠠᠨᠠᠯ ᠢ ᠪᠠᠶᠢᠩᠭᠤ ᠶᠢᠨ ᠬᠣᠷᠢᠶᠠᠨ ᠤ ᠡᠴᠦᠰ ᠦᠨ ᠬᠡᠯᠡᠯᠴᠡᠭᠦᠯᠭᠡ ᠶᠢᠨ ᠦᠶ᠎ᠡ ᠳᠦ ᠳᠠᠬᠢᠨ ᠬᠡᠯᠡᠯᠴᠡᠬᠦ ᠴᠢᠭᠯᠡᠯ ᠢ ᠬᠤᠷᠠᠯᠳᠤᠭᠠᠨ ᠳᠠᠷᠤᠭᠠᠯᠠᠭᠴᠢ ᠠᠴᠠ ᠥᠭᠭᠦᠭᠰᠡᠨ ᠪᠢᠯᠡ᠃ ᠲᠡᠭᠦᠨ ᠦ ᠳᠠᠭᠠᠤ ᠲᠥᠰᠥᠪ ᠦᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠳᠡᠭᠡᠷᠡᠬᠢ ᠬᠠᠤᠯᠢ ᠶᠢᠨ ᠲᠥᠰᠥᠯ ᠦᠨ ᠡᠴᠦᠰ ᠦᠨ ᠬᠡᠯᠡᠯᠴᠡᠭᠦᠯᠭᠡ ᠶᠢ ᠬᠢᠬᠦ ᠦᠶ᠎ᠡ ᠪᠡᠷ ᠤᠯᠤᠰ ᠤᠨ ᠶᠡᠬᠡ ᠬᠤᠷᠠᠯ  ᠤᠨ ᠭᠡᠰᠢᠭᠦᠨ ᠰ∙ᠪᠢᠮᠪᠠᠴᠤᠭᠲᠤ  ᠠᠯᠪᠠᠨ ᠲᠠᠲᠠᠪᠤᠷᠢ ᠶᠢᠨ ᠬᠥᠩᠭᠡᠯᠡᠯᠲᠡ ᠶᠢᠨ ᠬᠡᠮᠵᠢᠶ᠎ᠡ ᠶᠢ ᠠᠵᠤ ᠠᠬᠤᠢ ᠶᠢᠨ ᠨᠢᠭᠡᠴᠡ ᠶᠢᠨ ᠣᠷᠣᠯᠭ᠎ᠠ ᠶᠢᠨ ᠠᠯᠪᠠᠨ ᠲᠠᠲᠠᠪᠤᠷᠢ ᠶᠢᠨ ᠬᠠᠤᠯᠢ ᠶᠢᠨ ᠲᠥᠰᠥᠯ ᠳᠦ ᠲᠤᠰᠬᠠᠭᠳᠠᠭᠰᠠᠨ ᠲᠠᠢ ᠠᠳᠠᠯᠢᠳᠬᠠᠨ 50᠂ 90 ᠬᠤᠪᠢᠶᠠᠷᠢ ᠬᠥᠩᠭᠡᠯᠡᠬᠦ ᠭᠡᠰᠡᠨ ᠰᠠᠨᠠᠯ ᠭᠠᠷᠭᠠᠭᠰᠠᠨ ᠪᠠᠶᠢᠨ᠎ᠠ᠃ ᠳᠡᠭᠡᠷᠡᠬᠢ ᠰᠠᠨᠠᠯ ᠢ ᠨᠡᠮᠡᠵᠦ ᠲᠤᠰᠬᠠᠬᠤ ᠶᠢ ᠲᠥᠰᠥᠪ ᠦᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠳᠡᠮᠵᠢᠭᠰᠡᠨ ᠪᠠᠶᠢᠨ᠎ᠠ᠃ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠮᠥᠨ ᠡᠳᠡᠭᠡᠷ ᠰᠠᠨᠠᠯ ᠢ ᠳᠡᠮᠵᠢᠭᠰᠡᠨ ᠪᠥᠭᠡᠳ  ︽ᠬᠤᠪᠢ ᠬᠦᠮᠦᠨ ᠦ ᠣᠷᠣᠯᠭ᠎ᠠ ᠶᠢᠨ ᠠᠯᠪᠠᠨ ᠲᠠᠲᠠᠪᠤᠷᠢ ᠶᠢᠨ ᠲᠤᠬᠠᠢ︾ ᠬᠠᠤᠯᠢ ᠶᠢᠨ ᠲᠥᠰᠥᠯ ᠪᠣᠯᠤᠭᠠᠳ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠢ ᠪᠠᠲᠤᠯᠠᠯ᠎ᠠ᠃

ᠰᠡᠳᠬᠢᠭᠳᠡᠯ ᠦᠯᠡᠳᠡᠭᠡᠬᠦ