《ᠤᠷᠠᠨ ᠵᠢᠷᠭᠢᠭᠡ》 ᠨᠠᠭᠠᠳᠤᠮ ᠵᠣᠬᠢᠶᠠᠨ ᠪᠠᠶᠢᠭᠤᠯᠤᠯ᠎ᠠ | News.MN

《ᠤᠷᠠᠨ ᠵᠢᠷᠭᠢᠭᠡ》 ᠨᠠᠭᠠᠳᠤᠮ ᠵᠣᠬᠢᠶᠠᠨ ᠪᠠᠶᠢᠭᠤᠯᠤᠯ᠎ᠠ

ᠲᠥᠪ ᠠᠶᠢᠮᠠᠭ ᠤᠨ ᠯᠦᠩ ᠰᠤᠮᠤ ᠶᠢᠨ ᠰᠤᠷᠭᠠᠭᠤᠯᠢ ᠶᠢᠨ ᠮᠣᠩᠭᠣᠯ ᠬᠡᠯᠡ᠂ ᠤᠷᠠᠨ ᠵᠣᠬᠢᠶᠠᠯ ᠤᠨ ᠪᠠᠭᠰᠢ ᠨᠠᠷ ᠰᠤᠮᠤ ᠶᠢᠨ ᠨᠣᠮ ᠤᠨ ᠰᠠᠩ ᠲᠠᠢ ᠬᠠᠮᠲᠤᠷᠠᠨ ︽ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ︾ ᠍ ᠢ ᠲᠣᠬᠢᠶᠠᠯᠳᠤᠭᠤᠯᠤᠨ ︽ᠤᠷᠠᠨ ᠵᠢᠷᠭᠢᠭᠡ︾ ᠨᠠᠭᠠᠳᠤᠮ ᠢ 1-11 ᠍ ᠳᠦᠭᠡᠷ ᠠᠩᠬᠢ ᠶᠢᠨ ᠰᠤᠷᠤᠭᠴᠢᠳ ᠤᠨ ᠳᠤᠮᠳᠠ ᠵᠣᠬᠢᠶᠠᠨ ᠶᠠᠪᠤᠭᠤᠯᠤᠯ᠎ᠠ᠃
1999 ᠣᠨ ᠠᠴᠠ ᠡᠬᠢᠯᠡᠨ  ᠶᠤᠨᠧᠰᠺᠤ ᠍ ᠠᠴᠠ  ︽ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ︾ ᠍ ᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 21 ᠍ ᠳᠦ ᠲᠡᠮᠳᠡᠭᠯᠡᠨ ᠥᠩᠭᠡᠷᠡᠭᠦᠯᠬᠦ ᠶᠢ ᠵᠠᠷᠯᠠᠨ ᠲᠤᠩᠬᠠᠭᠯᠠᠭᠰᠠᠨ ᠶᠤᠮ᠃ ᠢᠷᠠᠭᠤ ᠨᠠᠶᠢᠷᠠᠭ ᠪᠣᠯ ᠬᠡᠯᠡᠨ ᠦ ᠡᠷᠬᠡ ᠴᠢᠯᠦᠭᠡᠲᠦ ᠪᠠᠶᠢᠳᠠᠯ ᠤᠨ ᠬᠠᠮᠤᠭ ᠤᠨ ᠲᠡᠭᠦᠰ ᠢᠯᠡᠷᠬᠡᠶᠢᠯᠡᠯ ᠦᠨ ᠨᠢᠭᠡ ᠪᠢᠯᠡ᠃ ᠮᠣᠩᠭᠣᠯ ᠤᠨ ᠤᠳᠬ᠎ᠠ ᠵᠣᠬᠢᠶᠠᠯ᠂ ᠤᠷᠠᠯᠢᠭ ᠰᠤᠶᠤᠯ ᠤᠨ ᠭᠠᠵᠠᠷ ᠠᠴᠠ ᠶᠤᠨᠧᠰᠺᠤ  ᠶᠢᠨ᠍ ᠵᠠᠷᠯᠠᠨ ᠲᠤᠩᠬᠠᠭᠯᠠᠭᠰᠠᠨ ᠤᠭ ᠡᠳᠦᠷ ᠢ ᠬᠠᠯᠠᠭᠤᠨ ᠳᠣᠲᠣᠨᠣ ᠬᠦᠯᠢᠶᠡᠨ ᠠᠪᠴᠤ᠂ ᠵᠢᠯ ᠪᠦᠷᠢ ᠶᠢᠨ ᠭᠤᠷᠪᠠᠳᠤᠭᠠᠷ ᠰᠠᠷ᠎ᠠ ᠶᠢᠨ 21 ᠍ ᠳᠦ ᠢᠷᠠᠭᠤ ᠨᠠᠶᠢᠷᠠᠭ ᠤᠨ ᠣᠯᠠᠨ ᠲᠥᠷᠥᠯ ᠦᠨ ᠠᠵᠢᠯ ᠥᠷᠨᠢᠭᠦᠯᠳᠡᠭ ᠤᠯᠠᠮᠵᠢᠯᠠᠯ ᠲᠠᠢ ᠪᠣᠯᠤᠭᠰᠠᠨ ᠶᠤᠮ᠃  ᠨᠠᠭᠠᠳᠤᠮ ᠳᠤ ᠲᠤᠰ ᠰᠤᠮᠤ ᠶᠢᠨ 1-5 ᠳ᠋ᠤᠭᠠᠷ ᠠᠩᠬᠢ ᠶᠢᠨ 24 ᠰᠤᠷᠤᠭᠴᠢ᠂ 6-11  ᠳ᠋ᠤᠭᠡᠷ ᠠᠩᠬᠢ ᠶᠢᠨ 19 ᠰᠤᠷᠤᠭᠴᠢ ᠣᠷᠣᠯᠴᠠᠭᠰᠠᠨ ᠪᠠᠶᠢᠨ᠎ᠠ᠃ ᠳᠤᠮᠳᠠ ᠠᠩᠬᠢ ᠶᠢᠨ ᠰᠤᠷᠤᠭᠴᠢᠳ ᠠᠴᠠ 5 ᠍ ᠳᠦᠭᠡᠷ ᠠᠩᠬᠢ ᠶᠢᠨ ᠰᠤᠷᠤᠭᠴᠢ ᠰ ∙ᠴᠢᠳᠠᠷᠠᠪᠠᠯ᠂ ᠠᠬᠠᠯᠠᠬᠤ ᠠᠩᠬᠢ ᠶᠢᠨ ᠰᠤᠷᠤᠭᠴᠢᠳ ᠠᠴᠠ 8 ᠍ ᠳᠦᠭᠡᠷ ᠠᠩᠬᠢ ᠶᠢᠨ ᠰᠤᠷᠤᠭᠴᠢ ᠠ᠊∙ ᠠᠮᠤᠷᠲᠦ᠋ᠪᠰᠢᠨ ᠲᠡᠷᠢᠭᠦᠯᠡᠵᠡᠢ᠃
ᠠᠷᠠᠳ ᠤᠨ ᠪᠣᠯᠪᠠᠰᠤᠷᠠᠯ ᠤᠨ ᠲᠡᠷᠢᠭᠦᠨ ᠦ ᠠᠵᠢᠯᠲᠠᠨ᠂ ᠴᠢᠩᠭᠢᠰ ᠬᠠᠭᠠᠨ ᠠᠺᠠᠳᠧᠮᠢ ᠶᠢᠨ ᠲᠡᠷᠢᠭᠦᠨ᠂  ᠯᠦᠩ ᠰᠤᠮᠤ ᠶᠢᠨ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠵᠤ ᠪᠠᠶᠢᠭᠰᠠᠨ ᠠᠬᠠᠮᠠᠳ ᠪᠠᠭᠰᠢ ᠳ∙ᠳᠠᠭᠳᠠᠨ ᠢᠪᠡᠭᠡᠨ ᠲᠡᠳᠬᠦᠵᠦ ᠵᠣᠬᠢᠶᠠᠨ ᠶᠠᠪᠤᠭᠤᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ