ᠤᠰᠤᠨ ᠴᠠᠬᠢᠯᠭᠠᠨ ᠰᠲ᠋ᠠᠨᠼ ᠪᠠᠷᠢᠬᠤ ᠶᠢ ᠣᠷᠣᠰ ᠵᠥᠪᠰᠢᠶᠡᠷᠡᠬᠦ ᠦᠭᠡᠢ | News.MN

ᠤᠰᠤᠨ ᠴᠠᠬᠢᠯᠭᠠᠨ ᠰᠲ᠋ᠠᠨᠼ ᠪᠠᠷᠢᠬᠤ ᠶᠢ ᠣᠷᠣᠰ ᠵᠥᠪᠰᠢᠶᠡᠷᠡᠬᠦ ᠦᠭᠡᠢ

ᠪᠠᠶᠢᠭᠠᠯ ᠨᠠᠭᠤᠷ ᠲᠤ ᠴᠢᠳᠬᠤᠳᠠᠭ ᠰᠡᠯᠡᠩᠭᠡ ᠮᠥᠷᠡᠨ ᠳᠡᠭᠡᠷ᠎ᠡ ᠮᠣᠩᠭᠣᠯ ᠤᠯᠤᠰ ᠤᠰᠤᠨ ᠴᠠᠬᠢᠯᠭᠠᠨ ᠰᠲ᠋ᠠᠨᠼ ᠪᠠᠷᠢᠬᠤ ᠪᠣᠯᠤᠮᠵᠢ ᠦᠭᠡᠢ᠃ ᠤᠴᠢᠷ ᠨᠢ ᠬᠥᠷᠰᠢ ᠣᠷᠣᠨ ᠠᠴᠠ ᠢᠷᠡᠵᠦ ᠪᠤᠢ ᠤᠰᠤᠨ ᠤ ᠴᠢᠨᠠᠷ ᠲᠤ ᠭᠣᠣᠯ ᠰᠢᠯᠲᠠᠭᠠᠨ ᠪᠠᠶᠢᠭ᠎ᠠ ᠶᠤᠮ ᠬᠡᠮᠡᠨ ᠣᠷᠣᠰ  ᠤᠨ ᠤᠰᠤᠨ ᠤ ᠨᠥᠭᠡᠴᠡ ᠶᠢᠨ ᠬᠣᠯᠪᠣᠭᠠᠨ ᠤ ᠠᠭ᠍ᠸᠨᠲᠯᠢᠭ ᠤᠨ ᠣᠷᠣᠯᠠᠭᠴᠢ ᠳᠠᠷᠤᠭ᠎ᠠ ᠸᠠᠳᠢᠮ ᠨᠢᠺᠠᠨᠤᠷᠤᠪ news.ru ᠲᠤ ᠶᠠᠷᠢᠵᠠᠢ᠃
︽ᠮᠣᠩᠭᠣᠯ ᠤᠨ ᠲᠠᠯ᠎ᠠ ᠰᠡᠯᠡᠩᠭᠡ ᠮᠥᠷᠡᠨ ᠦ ᠴᠢᠳᠬᠤᠯᠠᠩ ᠳᠡᠭᠡᠷ᠎ᠡ ᠤᠰᠤᠨ ᠴᠠᠬᠢᠯᠭᠠᠨ ᠰᠲ᠋ᠠᠨᠼ ᠪᠠᠷᠢᠵᠤ ᠡᠬᠢᠯᠡᠬᠦ  ᠭᠡᠵᠦ ᠪᠠᠶᠢᠭ᠎ᠠ᠃  ᠪᠢᠳᠡ ᠤᠰᠤᠨ ᠴᠠᠬᠢᠯᠭᠠᠨ ᠰᠲ᠋ᠠᠨᠼ ᠢ  ᠪᠠᠷᠢᠭᠤᠯᠬᠤ  ᠦᠭᠡᠢ ᠶᠢᠨ ᠲᠤᠯᠠᠳᠠ ᠣᠯᠠᠨ ᠠᠵᠢᠯ ᠬᠢᠭᠰᠡᠨ ︾ ᠬᠡᠮᠡᠨ ᠲᠡᠷᠡᠪᠡᠷ ᠦᠭᠦᠯᠡᠭᠰᠡᠨ ᠪᠠᠶᠢᠨ᠎ᠠ᠃
ᠨᠢᠺᠠᠨᠤᠷᠤᠪ  ᠶᠢᠨ ᠦᠭᠦᠯᠡᠭᠰᠡᠨ ᠢᠶᠡᠷ᠂ ᠮᠣᠩᠭᠣᠯ ᠤᠯᠤᠰ ᠤᠰᠤᠨ ᠴᠠᠬᠢᠯᠭᠠᠨ ᠰᠲ᠋ᠠᠨᠼ ᠪᠠᠶᠢᠭᠤᠯᠪᠠᠯ ᠪᠠᠶᠢᠭᠠᠯ ᠨᠠᠭᠤᠷ ᠤᠨ ᠡᠺᠣ ᠰᠢᠰᠲ᠋ᠧᠮ ᠳᠦ ᠨᠣᠴᠢᠲᠠᠢ ᠦᠷ᠎ᠡ ᠳᠠᠭᠠᠪᠤᠷᠢ ᠠᠪᠴᠢᠷᠠᠬᠤ ᠪᠥᠭᠡᠳ ᠣᠷᠣᠰ ᠤᠯᠤᠰ ᠡᠭᠦᠨ ᠢ ᠰᠠᠶᠢᠨ ᠣᠶᠢᠯᠠᠭᠠᠵᠤ ᠪᠠᠶᠢᠭ᠎ᠠ ᠭᠡᠨ᠎ᠡ᠃ ᠰᠡᠯᠡᠩᠭᠡ ᠮᠥᠷᠡᠨ ᠳᠡᠭᠡᠷ᠎ᠡ ᠤᠰᠤᠨ ᠴᠠᠬᠢᠯᠭᠠᠨ ᠰᠲ᠋ᠠᠨᠼ ᠪᠠᠶᠢᠭᠤᠯᠬᠤ ᠲᠥᠰᠥᠯ  ᠠᠴᠠ ᠪᠠᠨ ᠲᠠᠲᠠᠭᠠᠯᠵᠠᠬᠤ ᠶᠢ  ᠤᠷᠤᠰ ᠨᠢᠭᠡ ᠪᠤᠰᠤ ᠤᠳᠠᠭ᠎ᠠ ᠰᠠᠨᠠᠭᠤᠯᠵᠤ᠂ ᠨᠡᠶᠢᠯᠡᠭᠦᠯᠵᠦ ᠪᠤᠢ ᠡᠷᠴᠢᠮ ᠬᠦᠴᠦᠨ ᠦ ᠪᠡᠨ ᠬᠡᠮᠵᠢᠶ᠎ᠡ ᠶᠢ ᠨᠡᠮᠡᠭᠳᠡᠭᠦᠯᠬᠦ ᠶᠢ ᠰᠠᠨᠠᠯ ᠪᠣᠯᠭᠠᠵᠤ ᠪᠠᠶᠢᠪᠠ᠃

ᠰᠡᠳᠬᠢᠭᠳᠡᠯ ᠦᠯᠡᠳᠡᠭᠡᠬᠦ