ᠣᠯᠠᠨ ᠤᠯᠤᠰ ᠤᠨ ᠺᠢᠨᠣ᠋ ᠤᠷᠠᠨ ᠪᠦᠲᠦᠭᠡᠯᠴᠢᠳ ᠦᠨ ᠨᠠᠭᠠᠳᠤᠮ ᠪᠣᠯᠤᠨ᠎ᠠ | News.MN

ᠣᠯᠠᠨ ᠤᠯᠤᠰ ᠤᠨ ᠺᠢᠨᠣ᠋ ᠤᠷᠠᠨ ᠪᠦᠲᠦᠭᠡᠯᠴᠢᠳ ᠦᠨ ᠨᠠᠭᠠᠳᠤᠮ ᠪᠣᠯᠤᠨ᠎ᠠ

ᠮᠣᠩᠭᠣᠯ ᠤᠨ ᠺᠢᠨᠣ᠋ ᠤᠷᠠᠯᠢᠭ ᠲᠤ ᠨᠢᠭᠡᠨ ᠰᠢᠨ᠎ᠡ ᠱᠠᠲᠤ ᠠᠬᠢᠬᠤ ᠪᠣᠯᠤᠮᠵᠢ ᠢᠷᠡᠬᠦ ᠲᠠᠪᠤᠳᠤᠭᠠᠷ ᠰᠠᠷ᠎ᠠ ᠳᠤ ᠤᠯᠠᠭᠠᠨᠪᠠᠭᠠᠲᠤᠷ ᠲᠤ ᠨᠡᠭᠡᠭᠡᠭᠳᠡᠬᠦ ᠭᠡᠵᠦ ᠪᠠᠶᠢᠨ᠎ᠠ ᠃ ︽ᠬᠠᠨᠤᠢ ᠹᠢᠯᠢᠮ ︾ ᠲᠥᠷᠥ ᠶᠢᠨ ᠪᠤᠰᠤ ᠪᠠᠶᠢᠭᠤᠯᠤᠯᠭ᠎ᠠ ᠠᠴᠠ ᠮᠣᠩᠭᠣᠯ ᠤᠨ ᠺᠢᠨᠣ᠋ ᠤᠷᠠᠯᠢᠭ ᠤᠨ ᠰᠠᠯᠪᠤᠷᠢ ᠶᠢᠨ ᠴᠢᠨᠠᠭᠰᠢᠳᠠ ᠶᠢᠨ  ᠬᠦᠭᠵᠢᠯ ᠳᠤ ᠬᠤᠪᠢ ᠨᠡᠮᠡᠷᠢ ᠤᠷᠤᠭᠤᠯᠬᠤ ᠨᠢᠭᠡᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠬᠤ ᠶᠤᠮ᠃ ᠲᠣᠳᠣᠷᠠᠭᠤᠯᠪᠠᠯ᠂ ᠣᠯᠠᠨ ᠤᠯᠤᠰ ᠤᠨ ᠲᠤᠷᠰᠢᠯᠭ᠎ᠠ ᠲᠠᠢ ᠤᠷᠠᠨ ᠪᠦᠲᠦᠭᠡᠯᠴᠢᠳ ᠢ ᠮᠣᠩᠭᠣᠯ ᠳᠤ ᠪᠠᠨ ᠠᠪᠴᠢᠷᠠᠵᠤ ᠲᠡᠳᠡᠨ ᠡᠴᠡ ᠰᠤᠷᠤᠯᠴᠠᠬᠤ᠂ ᠬᠠᠷᠢᠯᠴᠠᠭ᠎ᠠ ᠬᠣᠯᠪᠣᠭ᠎ᠠ ᠲᠣᠭᠲᠠᠭᠠᠬᠤ᠂ ᠬᠠᠮᠲᠤ ᠶᠢᠨ ᠠᠵᠢᠯᠯᠠᠭᠠᠨ ᠤ ᠪᠣᠯᠤᠮᠵᠢ ᠶᠢ ᠨᠡᠮᠡᠭᠳᠡᠭᠦᠯᠬᠦ᠂ ᠳᠡᠯᠡᠬᠡᠢ ᠶᠢᠨ ᠴᠢᠭ ᠬᠠᠨᠳᠤᠯᠭ᠎ᠠ ᠲᠠᠢ ᠬᠥᠯ ᠨᠡᠶᠢᠯᠡᠭᠦᠯᠦᠨ ᠠᠯᠬᠤᠵᠤ᠂  ᠤᠷᠠᠨ ᠪᠦᠲᠦᠭᠡᠯᠴᠢᠳ ᠢ ᠴᠢᠳᠠᠪᠬᠢᠵᠢᠭᠤᠯᠬᠤ᠃ ᠮᠥᠨ ᠡᠬᠡ ᠣᠷᠣᠨ ᠢᠶᠠᠨ ᠳᠡᠯᠡᠬᠡᠢ ᠳ᠋ᠠᠬᠢᠨ ᠳᠤ ᠰᠤᠷᠲᠠᠯᠴᠢᠯᠠᠨ ᠲᠠᠨᠢᠭᠤᠯᠬᠤ ᠵᠣᠷᠢᠯᠭ᠎ᠠ ᠪᠠᠷ  ︽ᠬᠤᠯᠯᠢᠸᠤᠳ᠋ ᠮᠣᠩᠭᠣᠯ ᠳᠤ︾ ᠣᠯᠠᠨ ᠤᠯᠤᠰ ᠤᠨ ᠺᠢᠨᠣ᠋ ᠤᠷᠠᠨ ᠪᠦᠲᠦᠭᠡᠯᠴᠢᠳ ᠦᠨ ᠨᠠᠭᠠᠳᠤᠮ ᠢ ᠲᠠᠪᠤᠳᠤᠭᠠᠷ ᠰᠠᠷ᠎ᠠ ᠶᠢᠨ 1-7 ᠳᠤ ᠵᠣᠬᠢᠶᠠᠨ ᠪᠠᠶᠢᠭᠤᠯᠬᠤ ᠪᠠᠷ ᠪᠣᠯᠵᠠᠢ᠃

ᠰᠡᠳᠬᠢᠭᠳᠡᠯ ᠦᠯᠡᠳᠡᠭᠡᠬᠦ