ᠯᠢ ᠨᠠᠭ ᠶᠤᠨ ᠮᠣᠩᠭᠣᠯ ᠨᠤᠯᠤᠤᠷ ᠤᠨ ᠫᠠᠯᠢᠲ᠋ᠣ᠋ ᠡᠮᠦᠰᠴᠡᠢ | News.MN

ᠯᠢ ᠨᠠᠭ ᠶᠤᠨ ᠮᠣᠩᠭᠣᠯ ᠨᠤᠯᠤᠤᠷ ᠤᠨ ᠫᠠᠯᠢᠲ᠋ᠣ᠋ ᠡᠮᠦᠰᠴᠡᠢ

ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠶᠡᠷᠦᠩᠬᠡᠢ ᠰᠠᠶᠢᠳ ᠯᠢ ᠨᠠᠭ ᠶᠤᠨ ᠤ ᠮᠣᠩᠭᠣᠯ ᠤᠯᠤᠰ ᠲᠤ ᠬᠢᠵᠦ ᠪᠤᠢ ᠠᠯᠪᠠᠨ ᠶᠣᠰᠣᠨ ᠤ ᠠᠶᠢᠯᠴᠢᠯᠠᠯ ᠠᠮᠵᠢᠯᠲᠠ ᠲᠠᠢ ᠦᠷᠭᠦᠯᠵᠢᠯᠡᠵᠦ ᠪᠠᠶᠢᠨ᠎ᠠ᠃ ᠬᠣᠶᠠᠷ ᠤᠯᠤᠰ ᠤᠨ ᠶᠡᠷᠦᠩᠬᠡᠢ ᠰᠠᠶᠢᠳ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠣᠯᠠᠨ ᠴᠢᠬᠤᠯᠠ ᠠᠰᠠᠭᠤᠳᠠᠯ ᠳᠤ ᠰᠠᠨᠠᠯ ᠨᠢᠭᠡᠳᠦᠭᠡᠳ ᠪᠤᠢ ᠶᠢ ᠪᠢᠳᠡ ᠮᠡᠳᠡᠭᠡᠯᠡᠭᠰᠡᠨ᠃ ᠠᠶᠢᠯᠴᠢᠯᠠᠯ ᠤᠨ ᠠᠯᠪᠠᠨ ᠮᠡᠳᠡᠭᠡᠨ ᠳᠦ  ᠪᠠᠭᠲᠠᠭᠰᠠᠨ ᠦᠭᠡᠢ ᠣᠯᠠᠨ ᠰᠣᠨᠢᠷᠬᠠᠯᠲᠠᠢ ᠦᠢᠯᠡ ᠶᠠᠪᠤᠳᠠᠯ ᠪᠣᠯᠵᠤ ᠪᠠᠶᠢᠭ᠎ᠠ ᠲᠠᠯ᠎ᠠ ᠪᠠᠷ ᠰᠣᠯᠣᠩᠭᠣᠰ ᠤᠨ ᠬᠡᠪᠯᠡᠯ ᠦᠳ ᠮᠡᠳᠡᠭᠡᠯᠡᠵᠡᠢ᠃ ᠲᠤᠬᠠᠶᠢᠯᠠᠪᠠᠯ᠂ ᠥᠨᠥᠳᠥᠷ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠶᠡᠷᠦᠩᠬᠡᠢ ᠰᠠᠶᠢᠳ ᠢ ᠳ∙ᠰᠦᠬᠡᠪᠠᠭᠠᠲᠤᠷ ᠤᠨ ᠲᠠᠯᠠᠪᠠᠢ ᠳᠤ ᠠᠯᠪᠠᠨ ᠶᠣᠰᠣᠭᠠᠷ ᠤᠭᠲᠤᠨ ᠠᠪᠴᠤ᠂ ᠶᠡᠬᠡ ᠡᠵᠡᠨ ᠴᠢᠩᠭᠢᠰ ᠬᠠᠭᠠᠨ ᠤ  ᠬᠦᠰᠢᠶᠡᠨ ᠳᠦ ᠬᠦᠨᠳᠦᠳᠬᠡᠯ ᠦᠵᠡᠭᠦᠯᠬᠦ ᠶᠣᠰᠣᠯᠠᠯ ᠤᠨ ᠦᠶ᠎ᠡ ᠪᠡᠷ ᠯᠢ ᠨᠠᠭ ᠶᠤᠨ ᠳᠤ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠪᠡᠯᠡᠭ ᠪᠣᠯᠭᠠᠨ ᠥᠭᠭᠦᠭᠰᠡᠨ ︽ᠭᠣᠪᠢ︾ ᠶᠢᠨ ᠨᠤᠯᠤᠤᠷ ᠤᠨ ᠫᠠᠯᠢᠲ᠋ᠣ᠋ ᠍ ᠶᠢ ᠰᠣᠯᠣᠩᠭᠣᠰ ᠤᠨ ᠶᠡᠷᠦᠩᠬᠡᠢ ᠰᠠᠶᠢᠳ ᠡᠮᠦᠰᠦᠭᠰᠡᠨ ᠪᠠᠶᠢᠨ᠎ᠠ᠃ ᠡᠨᠡᠬᠦ ᠫᠠᠯᠢᠲ᠋ᠣ᠋ ᠶᠢ ᠯᠢ ᠨᠠᠭ ᠶᠤᠨ ᠤ ᠪᠡᠶ᠎ᠡ ᠶᠢᠨ ᠬᠡᠮᠵᠢᠶᠡᠨ ᠳᠦ ᠲᠠᠭᠠᠷᠠᠭᠤᠯᠤᠨ ᠲᠤᠰᠬᠠᠶᠢᠯᠠᠨ ᠬᠢᠯᠭᠡᠵᠡᠢ᠃ ᠶᠡᠷᠦᠩᠬᠡᠢ ᠰᠠᠶᠢᠳ ᠤ᠊∙ᠬᠦᠷᠡᠯᠰᠦ᠋ᠬᠡ  ᠶᠢᠨ ᠡᠨᠡᠬᠦ ᠪᠡᠯᠡᠭ ᠢ ᠰᠣᠯᠣᠩᠭᠣᠰ ᠤᠨ ᠶᠡᠷᠦᠩᠬᠡᠢ ᠰᠠᠶᠢᠳ ᠲᠤᠩ ᠰᠡᠳᠬᠢᠯ ᠬᠠᠩᠭᠠᠯᠤᠭᠤᠨ ᠬᠦᠯᠢᠶᠡᠨ ᠠᠪᠴᠤ᠂ ᠠᠶᠢᠯᠴᠢᠯᠠᠯ ᠤᠨ ᠦᠶ᠎ᠡ ᠪᠡᠷ ᠡᠮᠦᠰᠦᠭᠰᠡᠨ ᠪᠠᠶᠢᠭ᠎ᠠ ᠨᠢ ᠡᠨᠡ ᠠᠵᠡᠢ᠃
ᠮᠥᠨ ᠠᠶᠢᠯᠴᠢᠯᠠᠯ ᠤᠨ ᠬᠦᠷᠢᠶᠡᠨ ᠳᠦ ᠥᠨᠥᠳᠥᠷ ᠣᠷᠣᠢ ᠬᠣᠶᠠᠷ ᠤᠯᠤᠰ ᠤᠨ ᠶᠡᠷᠦᠩᠬᠡᠢ ᠰᠠᠶᠢᠳ ᠨᠠᠷ ᠣᠷᠣᠢ ᠶᠢᠨ ᠵᠣᠭᠣᠭ ᠪᠠᠷᠢᠬᠤ ᠪᠥᠭᠡᠳ ᠵᠣᠭᠣᠭ ᠪᠠᠷᠢᠬᠤ ᠴᠠᠭ ᠢ ᠨᠢᠭᠡ ᠴᠠᠭ ᠢᠶᠠᠷ ᠰᠤᠩᠭᠠᠵᠤ ᠢᠯᠡᠭᠦᠦ ᠣᠯᠠᠨ ᠠᠰᠠᠭᠤᠳᠠᠯ ᠢᠶᠠᠷ ᠴᠢᠯᠦᠭᠡᠲᠦ ᠶᠠᠷᠢᠶ᠎ᠠ ᠬᠢᠬᠦ ᠰᠠᠨᠠᠯ ᠢ ᠰᠣᠯᠣᠩᠭᠣᠰ ᠤᠨ ᠶᠡᠷᠦᠩᠬᠡᠢ ᠰᠠᠶᠢᠳ ᠲᠠᠯᠪᠢᠵᠠᠢ᠃ ᠤ᠊∙ᠬᠦᠷᠡᠯᠰᠦ᠋ᠬᠡ ᠶᠡᠷᠦᠩᠬᠡᠢ ᠰᠠᠶᠢᠳ ᠪᠣᠯᠤᠭᠰᠠᠨ ᠠᠴᠠ ᠪᠠᠨ ᠬᠣᠶᠢᠰᠢᠬᠢ ᠭᠠᠳᠠᠭᠠᠳᠤ ᠳ᠋ᠡᠬᠢ ᠠᠩᠬᠠᠨ ᠤ ᠠᠶᠢᠯᠴᠢᠯᠠᠯ ᠢᠶᠠᠨ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠠᠴᠠ ᠡᠬᠢᠯᠡᠭᠦᠯᠵᠦ᠂ ᠬᠣᠶᠠᠷ ᠤᠯᠤᠰ ᠤᠨ ᠶᠡᠷᠦᠩᠬᠡᠢ ᠰᠠᠶᠢᠳ ᠨᠠᠷ 2018 ᠣᠨ ᠤ ᠨᠢᠭᠡᠳᠦᠭᠡᠷ ᠰᠠᠷ᠎ᠠ ᠳᠤ ᠠᠩᠬ᠎ᠠ ᠲᠠᠨᠢᠯᠴᠠᠵᠤ ᠪᠠᠶᠢᠭᠰᠠᠨ᠃ ᠡᠨᠡ ᠲᠤᠬᠠᠢ ᠯᠢ ᠨᠠᠭ ᠶᠤᠨ ᠣᠨᠴᠠᠭᠠᠶᠢᠯᠠᠨ ᠳᠤᠷᠠᠳᠴᠤ᠂ 2019 ᠣᠨ ᠤ ᠭᠠᠳᠠᠭᠠᠳᠤ ᠳ᠋ᠠᠬᠢ ᠠᠩᠬᠠᠨ ᠤ ᠠᠶᠢᠯᠴᠢᠯᠠᠯ ᠢᠶᠠᠨ ᠮᠣᠩᠭᠣᠯ ᠤᠯᠤᠰ ᠠᠴᠠ ᠡᠬᠢᠯᠡᠭᠦᠯᠵᠦ ᠪᠠᠶᠢᠭ᠎ᠠ ᠪᠠᠨ ᠳᠤᠷᠠᠳᠴᠠᠢ᠃

ᠰᠡᠳᠬᠢᠭᠳᠡᠯ ᠦᠯᠡᠳᠡᠭᠡᠬᠦ