ᠨᠦᠬᠡᠨ ᠭᠠᠷᠴᠠ ᠶᠢ ᠰᠢᠨᠡᠴᠢᠯᠡᠨ ᠵᠠᠰᠠᠪᠤᠷᠢᠯᠠᠵᠤ ᠡᠬᠢᠯᠡᠯ᠎ᠡ | News.MN

ᠨᠦᠬᠡᠨ ᠭᠠᠷᠴᠠ ᠶᠢ ᠰᠢᠨᠡᠴᠢᠯᠡᠨ ᠵᠠᠰᠠᠪᠤᠷᠢᠯᠠᠵᠤ ᠡᠬᠢᠯᠡᠯ᠎ᠡ

ᠰᠦᠬᠡᠪᠠᠭᠠᠲᠤᠷ ᠳᠡᠭᠦᠷᠭᠡ ᠶᠢᠨ ᠨᠢᠭᠡᠳᠦᠭᠡᠷ ᠬᠣᠷᠢᠶᠠᠨ ᠳᠤ ᠪᠠᠶᠢᠷᠢᠯᠠᠬᠤ ᠪᠢᠳᠡᠨ ᠦ ᠨᠡᠷᠡᠯᠡᠵᠦ ᠵᠠᠩᠰᠢᠭᠰᠠᠨ ᠢᠶᠠᠷ  ︽ᠬᠦᠨᠡᠰᠦᠨ ᠦ 20︾ ᠶᠢᠨ ᠡᠮᠦᠨᠡᠬᠢ ᠶᠠᠪᠠᠭᠠᠨ ᠵᠣᠷᠴᠢᠭᠴᠢ ᠶᠢᠨ ᠨᠦᠬᠡᠨ ᠭᠠᠷᠴᠠ ᠶᠢ ᠰᠢᠨᠡᠴᠢᠯᠡᠨ ᠵᠠᠰᠠᠪᠤᠷᠢᠯᠠᠬᠤ ᠠᠵᠢᠯ ᠢ ᠥᠴᠥᠭᠡᠳᠦᠷ ᠡᠴᠡ ᠡᠬᠢᠯᠡᠭᠦᠯᠦᠭᠡᠳ ᠪᠠᠶᠢᠭ᠎ᠠ᠃ ᠨᠦᠬᠡᠨ ᠭᠠᠷᠴᠠ ᠨᠢ 1988 ᠣᠨ ᠳᠤ ᠠᠰᠢᠭᠯᠠᠯᠲᠠ ᠳᠤ ᠣᠷᠣᠭᠰᠠᠨ ᠴᠠᠭ ᠠᠴᠠ ᠪᠠᠨ ᠳᠣᠷᠪᠢᠲᠠᠢ ᠵᠠᠰᠠᠪᠤᠷᠢ ᠦᠢᠯᠡᠴᠢᠯᠡᠭᠡ ᠬᠢᠭᠳᠡᠵᠦ ᠪᠠᠶᠢᠭ᠎ᠠ ᠦᠭᠡᠢ ᠶᠢᠨ ᠤᠯᠠᠮ ᠠᠴᠠ ᠬᠠᠨ᠎ᠠ ᠂ ᠶᠠᠪᠠᠭᠠᠨ ᠱᠠᠲᠤ ᠨᠢ ᠡᠪᠳᠡᠷᠡᠵᠦ ᠨᠤᠷᠠᠬᠤ ᠪᠣᠯᠤᠭᠰᠠᠨ᠂ ᠪᠣᠷᠣᠭᠠᠨ ᠤ ᠤᠰᠤ ᠵᠠᠶᠢᠯᠠᠭᠤᠯᠬᠤ ᠰᠢᠰᠲ᠋ᠧᠮ ᠨᠢ ᠡᠪᠳᠡᠷᠡᠭᠰᠡᠨ᠂ ᠭᠡᠷᠡᠯᠲᠦᠭᠦᠯᠭᠡ ᠶᠢᠨ ᠰᠢᠰᠲ᠋ᠧᠮ ᠦᠭᠡᠢ ᠪᠣᠯᠤᠭᠰᠠᠨ ᠤ ᠤᠯᠠᠮ ᠠᠴᠠ ᠢᠷᠭᠡᠳ ᠦᠨ ᠠᠶᠤᠯ ᠦᠭᠡᠢ ᠪᠠᠶᠢᠳᠠᠯ ᠪᠣᠯᠤᠨ ᠠᠦ᠋ᠲ᠋ᠤ᠋ ᠵᠠᠮ ᠤᠨ ᠪᠦᠷᠢᠨ ᠪᠦᠲᠦᠨ ᠪᠠᠶᠢᠳᠠᠯ ᠳᠤ ᠠᠶᠤᠯ ᠲᠠᠢ ᠪᠠᠶᠢᠳᠠᠯ ᠡᠭᠦᠰᠭᠡᠬᠦ ᠮᠠᠭᠠᠳᠯᠠᠯ ᠲᠠᠢ ᠪᠣᠯᠤᠭᠰᠠᠨ ᠲᠤᠯᠠ ᠢᠵᠢ ᠪᠦᠷᠢᠨ ᠵᠠᠰᠠᠪᠤᠷᠢ ᠬᠢᠬᠦ ᠱᠠᠭᠠᠷᠳᠠᠯᠭ᠎ᠠ ᠡᠭᠦᠰᠦᠭᠡᠳ ᠪᠠᠶᠢᠭᠰᠠᠨ ᠶᠤᠮ᠃
︽ᠴᠢᠨᠠᠭᠰᠢᠯᠠᠭᠠᠳ ᠨᠡᠶᠢᠰᠯᠡᠯ᠂ ᠳᠡᠭᠦᠷᠭᠡ ᠨᠦᠭᠦᠳ ᠦᠨ ᠬᠡᠮᠵᠢᠶᠡᠨ ᠳᠦ ᠲᠣᠬᠢᠵᠢᠯᠲᠠ᠂ ᠦᠢᠯᠡᠴᠢᠯᠡᠭᠡᠨ ᠦ ᠪᠣᠯᠤᠨ ᠢᠷᠭᠡᠳ ᠦᠨ ᠠᠶᠤᠯ ᠦᠭᠡᠢ ᠪᠠᠶᠢᠳᠠᠯ ᠢ ᠬᠠᠩᠭᠠᠬᠤ ᠠᠵᠢᠯ ᠤᠳ ᠬᠢᠭᠳᠡᠨ᠎ᠡ᠃ ᠵᠠᠮ ᠤᠨ ᠲᠡᠮᠳᠡᠭ᠂ ᠲᠡᠮᠳᠡᠭᠯᠡᠭᠡ ᠶᠢ ᠰᠢᠨᠡᠳᠭᠡᠬᠦ᠂ ᠵᠠᠮ ᠲᠠᠯᠠᠪᠠᠢ ᠶᠢᠨ ᠴᠡᠪᠡᠷᠯᠡᠭᠡ ᠶᠢ ᠰᠠᠶᠢᠵᠢᠷᠠᠭᠤᠯᠬᠤ᠂ ᠱᠠᠭᠠᠷᠳᠠᠯᠭ᠎ᠠ ᠲᠠᠢ ᠪᠣᠯ ᠴᠡᠪᠡᠷᠯᠡᠭᠡᠨ ᠦ ᠮᠠᠰᠢᠨ ᠲᠧᠭᠨᠢᠭ ᠢ ᠨᠡᠮᠡᠭᠳᠡᠭᠦᠯᠬᠦ᠂ ᠢᠷᠭᠡᠳ ᠦᠨ ᠠᠶᠤᠯ ᠦᠭᠡᠢ ᠠᠮᠤᠷ ᠲᠠᠶᠢᠪᠤᠩ ᠠᠮᠢᠳᠤᠷᠠᠬᠤ ᠨᠥᠬᠥᠴᠡᠯ ᠪᠣᠯᠤᠯᠴᠠᠭ᠎ᠠ ᠶᠢ ᠳᠡᠭᠡᠭᠰᠢᠯᠡᠭᠦᠯᠬᠦ ᠶᠢᠨ ᠲᠤᠯᠠᠳᠠ ᠤᠯᠠᠭᠠᠨᠪᠠᠭᠠᠲᠤᠷ ᠬᠤᠲᠠ ᠳᠤ ᠰᠲ᠋ᠠᠨᠳᠠᠷᠲ᠂ ᠠᠶᠤᠯ ᠦᠭᠡᠢ ᠪᠠᠶᠢᠳᠠᠯ ᠢ ᠬᠡᠮ ᠬᠡᠮᠵᠢᠶᠡᠨ ᠳᠦ ᠨᠢ ᠬᠦᠷᠭᠡᠬᠦ ᠠᠵᠢᠯ ᠢ ᠡᠷᠴᠢᠮᠲᠡᠢ ᠡᠬᠢᠯᠡᠭᠦᠯᠵᠦ ᠪᠠᠶᠢᠨ᠎ᠠ︾ ᠬᠡᠮᠡᠨ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠰ∙ᠠᠮᠤᠷᠰᠠᠶᠢᠬᠠᠨ ᠶᠠᠷᠢᠯ᠎ᠠ᠃

ᠰᠡᠳᠬᠢᠭᠳᠡᠯ ᠦᠯᠡᠳᠡᠭᠡᠬᠦ