ᠮᠤᠩᠭᠤᠯ ᠬᠢᠲᠠᠳ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠲᠣᠬᠢᠷᠠᠯᠴᠠᠭᠰᠠᠨ ᠤ ᠳᠠᠭᠠᠤ ᠮᠣᠩᠭᠣᠯ ᠤᠯᠤᠰ ᠤᠨ ᠰᠠᠩ ᠤᠨ ᠶᠠᠮᠤᠨ ᠪᠣᠯᠤᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠡᠺᠰᠫᠣᠷᠲ ᠢᠮᠫᠣᠷᠲ ᠪᠠᠩᠬᠢᠨ ᠤ ᠬᠣᠭᠣᠷᠣᠨᠳᠣ 2011 ᠣᠨ ᠤ ᠵᠢᠷᠭᠤᠳᠤᠭᠠᠷ ᠰᠠᠷ᠎ᠠ ᠶᠢᠨ 16 ᠍ ᠤ ᠡᠳᠦᠷ ᠨᠡᠶᠢᠲᠡ 500 ᠰᠠᠶ᠎ᠠ ᠳ᠋ᠣᠯᠯᠠᠷ ᠤᠨ ᠵᠢᠭᠡᠯᠡ ᠶᠢᠨ ᠶᠡᠷᠦᠩᠬᠡᠢ ᠬᠡᠯᠡᠯᠴᠡᠭᠡᠷ ᠢ ᠪᠠᠶᠢᠭᠤᠯᠤᠭᠰᠠᠨ᠃ ᠡᠨᠡᠬᠦ ᠬᠥᠩᠭᠡᠯᠡᠯᠲᠡ ᠲᠡᠢ ᠵᠢᠭᠡᠯᠡ ᠶᠢᠨ ᠬᠦᠷᠢᠶᠡᠨ ᠳᠦ ︽ᠤᠯᠠᠭᠠᠨᠪᠠᠭᠠᠲᠤᠷ-ᠬᠥᠰᠢᠭ ᠦᠨ ᠬᠥᠨᠳᠡᠢ ᠶᠢᠨ ᠣᠯᠠᠨ ᠤᠯᠤᠰ ᠤᠨ ᠰᠢᠨ᠎ᠡ ᠨᠢᠰᠬᠦ ᠣᠩᠭᠣᠴᠠᠨ ᠤ ᠪᠠᠭᠤᠳᠠᠯ ᠴᠢᠭᠯᠡᠯ ᠦᠨ 32.2 ᠺᠢᠯᠣᠮᠧᠲ᠋ᠷ ᠬᠤᠷᠳᠤ ᠶᠢᠨ ᠠᠦ᠋ᠲ᠋ᠣ᠋ ᠵᠠᠮ︾ ᠪᠠᠷᠢᠬᠤ ᠲᠥᠰᠥᠯ ᠬᠡᠷᠡᠭᠵᠢᠵᠦ᠂ ᠪᠦᠲᠦᠭᠡᠨ ᠪᠠᠶᠢᠭᠤᠯᠤᠯᠲᠠ ᠶᠢᠨ ᠠᠵᠢᠯ 2016 ᠣᠨ ᠳᠤ ᠡᠬᠢᠯᠡᠭᠰᠡᠨ ᠪᠢᠯᠡ᠃
ᠬᠤᠷᠳᠤᠨ ᠤ ᠠᠦ᠋ᠲ᠋ᠣ᠋ ᠵᠠᠮ ᠨᠢ ᠶᠠᠭᠠᠷᠮᠠᠭ ᠤᠨ ᠲᠣᠪᠴᠢᠶ᠎ᠠ-ᠠᠶᠢᠴᠠ ᠶᠢᠨ ᠳᠠᠪᠠᠭ᠎ᠠ-ᠲᠦᠷᠭᠡᠨ ᠦ ᠭᠦᠭᠦᠷᠭᠡ-ᠪᠥᠬᠦᠭ ᠦᠨ ᠬᠥᠲᠥᠯ-ᠬᠥᠰᠢᠭ ᠦᠨ ᠬᠥᠨᠳᠡᠢ ᠭᠡᠰᠡᠨ ᠴᠢᠭᠯᠡᠯ ᠳᠦ 32.2 ᠺᠢᠯᠣᠮᠧᠲ᠋ᠷ ᠤᠷᠲᠤ᠂ ᠠᠰᠹᠠᠯᠲ ᠪᠸᠲ᠋ᠤᠨ ᠬᠤᠴᠢᠯᠲᠠ ᠲᠠᠢ 2 ᠤᠷᠤᠰᠬᠠᠯ 6 ᠡᠩᠨᠡᠭᠡ ᠵᠣᠷᠴᠢᠬᠤ ᠬᠡᠰᠡᠭ ᠲᠡᠢ᠂ ᠣᠯᠠᠨ ᠤᠯᠤᠰ ᠤᠨ ᠰᠲ᠋ᠠᠨᠳᠠᠷᠲ ᠲᠤ ᠨᠡᠶᠢᠴᠡᠭᠰᠡᠨ ᠪᠠᠶᠢᠬᠤ ᠶᠤᠮ᠃ ᠮᠥᠨ ᠳᠠᠭᠠᠯᠳᠤᠬᠤ ᠬᠢᠮᠡᠯ ᠪᠠᠶᠢᠭᠤᠯᠤᠮᠵᠢ ᠨᠤᠭᠤᠳ ᠪᠣᠯᠬᠤ ᠨᠡᠶᠢᠲᠡ ᠵᠢᠷᠭᠤᠭᠠᠨ ᠰᠢᠷᠬᠡᠭ ᠭᠦᠭᠦᠷᠭᠡ᠂ 20 ᠰᠢᠷᠬᠡᠭ ᠨᠦᠬᠡᠨ ᠭᠠᠷᠴᠠ (ᠶᠠᠪᠠᠭᠠᠨ ᠵᠣᠷᠴᠢᠭᠴᠢ᠂ ᠲᠡᠭᠡᠭᠡᠪᠦᠷᠢ ᠶᠢᠨ ᠬᠡᠷᠡᠭᠰᠡᠯ᠂ ᠮᠠᠯ᠂ ᠠᠮᠢᠲᠠᠨ ᠨᠡᠪᠲᠡᠷᠡᠬᠦ ᠵᠣᠷᠢᠭᠤᠯᠤᠯᠲᠠ ᠲᠠᠢ)᠂ 28 ᠰᠢᠷᠬᠡᠭ ᠳᠤᠭᠤᠢ ᠬᠣᠭᠣᠯᠠᠢ ᠪᠠᠷᠢᠭᠳᠠᠨ᠎ᠠ᠃
2019 ᠣᠨ ᠤ ᠭᠤᠷᠪᠠᠳᠤᠭᠠᠷ ᠰᠠᠷ᠎ᠠ ᠶᠢᠨ 5 ᠍ ᠤ ᠡᠳᠦᠷ ᠦᠨ ᠪᠠᠶᠢᠳᠠᠯ ᠢᠶᠠᠷ ᠨᠡᠶᠢᠲᠡ ᠠᠵᠢᠯ ᠤᠨ ᠭᠦᠢᠴᠡᠳᠬᠡᠯ 96.19% ᠍ ᠲᠠᠢ ᠪᠠᠶᠢᠨ᠎ᠠ᠃ ᠡᠭᠦᠨ ᠡᠴᠡ ᠂ ᠲᠠᠯᠠᠪᠠᠢ ᠳᠡᠭᠡᠷ᠎ᠡ ᠬᠦᠷᠦᠰᠦ ᠬᠠᠭᠤᠯᠤᠯᠲᠠ᠂ ᠳᠠᠯᠠᠩ ᠤᠨ ᠳᠦᠭᠦᠷᠭᠡᠯᠲᠡ᠂ ᠬᠥᠯᠳᠡᠯᠲᠡ ᠡᠴᠡ ᠬᠠᠮᠠᠭᠠᠯᠠᠬᠤ ᠦᠶ᠎ᠡ᠂ ᠪᠤᠲᠠᠯᠠᠭᠰᠠᠨ ᠰᠠᠭᠤᠷᠢ ᠶᠢᠨ ᠠᠵᠢᠯ᠂ ᠼᠧᠮᠧᠨᠲ ᠢᠶᠡᠷ ᠪᠡᠬᠢᠵᠢᠭᠦᠯᠦᠭᠰᠡᠨ ᠰᠠᠭᠤᠷᠢ ᠶᠢᠨ ᠠᠵᠢᠯ᠂ ᠬᠠᠷᠠᠯᠠᠭᠤᠯᠤᠭᠰᠠᠨ ᠳᠠᠶᠢᠷᠭᠠ᠂ ᠬᠤᠴᠢᠯᠲᠠ ᠶᠢᠨ ᠠᠵᠢᠯ᠂ ᠭᠦᠭᠦᠷᠭᠡ ᠶᠢᠨ ᠠᠵᠢᠯ 100% ᠬᠢᠭᠳᠡᠵᠡᠢ᠃ ᠬᠠᠷᠢᠨ ᠬᠢᠮᠡᠯ ᠪᠠᠶᠢᠭᠤᠯᠤᠮᠵᠢ ᠶᠢᠨ ᠠᠵᠢᠯ 99.97%᠂ ᠲᠤᠤᠵᠠᠨ ᠬᠠᠰᠢᠯᠭ᠎ᠠ ᠶᠢᠨ ᠬᠢ 90.6% ᠍ ᠲᠠᠢ ᠪᠠᠶᠢᠭ᠎ᠠ ᠲᠤᠬᠠᠢ ᠵᠠᠮ ᠲᠡᠭᠡᠭᠡᠪᠦᠷᠢ ᠶᠢᠨ᠂ ᠬᠥᠭᠵᠢᠯ ᠦᠨ ᠶᠠᠮᠤᠨ ᠠᠴᠠ ᠮᠡᠳᠡᠭᠡᠯᠡᠯ᠎ᠡ᠃ ᠵᠠᠮ ᠢ ᠡᠨᠡ ᠣᠨ ᠳᠤ ᠠᠰᠢᠭᠯᠠᠯᠲᠠ ᠳᠤ ᠬᠦᠯᠢᠶᠡᠯᠭᠡᠨ ᠥᠭᠬᠦ ᠪᠡᠷ ᠲᠥᠯᠥᠪᠯᠡᠵᠦ ᠪᠠᠶᠢᠭ᠎ᠠ ᠪᠠᠨ ᠬᠣᠯᠪᠣᠭᠳᠠᠬᠤ ᠠᠯᠪᠠᠨ ᠤ ᠬᠦᠮᠦᠰ ᠬᠡᠯᠡᠵᠦ ᠪᠠᠶᠢᠭᠰᠠᠨ ᠶᠤᠮ᠃