ᠫᠦᠲ᠋ᠢᠨ ᠮᠠᠨ ᠤ ᠤᠯᠤᠰ ᠲᠤ ᠠᠶᠢᠯᠴᠢᠯᠠᠨ᠎ᠠ | News.MN

ᠫᠦᠲ᠋ᠢᠨ ᠮᠠᠨ ᠤ ᠤᠯᠤᠰ ᠲᠤ ᠠᠶᠢᠯᠴᠢᠯᠠᠨ᠎ᠠ

ᠣᠷᠣᠰ ᠤᠨ ᠶᠡᠷᠦᠩᠬᠡᠶᠢᠯᠡᠭᠴᠢ ᠫᠦᠲ᠋ᠢᠨ ᠮᠠᠨ ᠤ ᠤᠯᠤᠰ ᠲᠤ ᠠᠶᠢᠯᠴᠢᠯᠠᠨ᠎ᠠ ᠭᠡᠬᠦ ᠮᠡᠳᠡᠭᠡᠯᠡᠯ ᠪᠠᠶᠢᠨ᠎ᠠ᠃ ᠥᠩᠭᠡᠷᠡᠭᠰᠡᠨ ᠳᠣᠯᠣᠭ᠎ᠠ ᠬᠣᠨᠣᠭ ᠲᠤ ᠣᠷᠣᠰ ᠠᠴᠠ ᠮᠣᠩᠭᠣᠯ ᠤᠯᠤᠰ ᠲᠤ ᠰᠠᠭᠤᠭ᠎ᠠ  ᠤᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠢ᠊∙ᠺ∙ᠠᠽᠢᠽᠣᠪ ᠢ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠦᠯᠢᠶᠡᠨ ᠠᠪᠴᠤ ᠠᠭᠤᠯᠵᠠᠭᠠᠳ᠂ ᠡᠨᠡ ᠣᠨ ᠳᠤ ᠥᠨᠳᠥᠷ ᠳᠡᠭᠡᠳᠦ ᠬᠡᠮᠵᠢᠶᠡᠨ ᠦ ᠬᠠᠷᠢᠯᠴᠠᠨ ᠠᠶᠢᠯᠴᠢᠯᠠᠯ ᠤᠳ ᠪᠣᠯᠤᠨ ᠬᠡᠳᠦ᠂ ᠬᠡᠳᠦᠨ ᠲᠣᠮᠣᠬᠠᠨ ᠬᠠᠮᠲᠤᠷᠠᠭᠰᠠᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ ᠲᠥᠯᠥᠪᠯᠡᠭᠡ ᠲᠡᠢ ᠠᠵᠢᠯᠯᠠᠵᠤ ᠪᠠᠶᠢᠭ᠎ᠠ ᠂ ᠮᠦᠨ ︽ᠬᠠᠯᠬ᠎ᠠ ᠭᠣᠣᠯ ᠤᠨ ᠪᠠᠶᠢᠯᠳᠤᠭᠠᠨ︾ ᠤ 80 ᠵᠢᠯ ᠦᠨ ᠣᠢ ᠶᠢ ᠲᠡᠮᠳᠡᠭᠯᠡᠨ ᠥᠩᠭᠡᠷᠡᠭᠦᠯᠬᠦ ᠬᠦᠷᠢᠶᠡᠨ ᠳᠦ ᠣᠷᠣᠰ  ᠤᠨ ᠶᠡᠷᠦᠩᠬᠡᠶᠢᠯᠡᠭᠴᠢ  ᠫᠦᠲ᠋ᠢᠨ  ᠤ ᠮᠣᠩᠭᠣᠯ ᠤᠯᠤᠰ ᠲᠤ ᠬᠢᠬᠦ ᠠᠯᠪᠠᠨ ᠶᠣᠰᠣᠨ ᠤ ᠠᠶᠢᠯᠴᠢᠯᠠᠯ ᠤᠨ ᠪᠡᠯᠡᠳᠬᠡᠯ ᠠᠵᠢᠯ ᠢ ᠬᠠᠩᠭᠠᠵᠤ ᠡᠬᠢᠯᠡᠭᠡᠳ ᠪᠠᠶᠢᠭ᠎ᠠ ᠲᠠᠯ᠎ᠠ ᠪᠠᠷ ᠬᠡᠯᠡᠯ᠎ᠡ᠃
︽ᠬᠠᠯᠬ᠎ᠠ ᠭᠣᠣᠯ ᠤᠨ ᠪᠠᠶᠢᠯᠳᠤᠭᠠᠨ︾ 80 ᠵᠢᠯ ᠦᠨ ᠣᠢ ᠶᠢᠨ ᠬᠦᠷᠢᠶᠡᠨ ᠳᠦ ᠣᠷᠣᠰ ᠳᠣᠷᠣᠨᠠᠲᠤ ᠠᠶᠢᠮᠠᠭ ᠤᠨ ᠬᠠᠯᠬ᠎ᠠ ᠭᠤᠤᠯ ᠰᠤᠮᠤ ᠶᠢ ᠵᠢᠱᠢᠭ ᠰᠤᠮᠤ ᠪᠣᠯᠭᠠᠬᠤ ᠠᠵᠢᠯ ᠡᠬᠢᠯᠡᠭᠡᠳ ᠶᠠᠪᠤᠵᠤ ᠪᠠᠶᠢᠨ᠎ᠠ᠃ ᠮᠥᠨ ᠣᠷᠣᠰ ᠤᠨ ᠠᠷᠮᠢ ᠶᠢᠨ ᠠᠯᠸᠺᠰᠠᠨᠳ᠋ᠷᠤᠪ ᠤᠨ ᠨᠡᠷᠡᠮᠵᠢᠲᠦ ᠳᠠᠭᠤᠤ ᠪᠦᠵᠢᠭ ᠦᠨ ᠴᠢᠭᠤᠯᠭ᠎ᠠ ᠶᠢᠨ ᠲᠣᠭᠯᠠᠯᠲᠠ ᠶᠢ ᠮᠣᠩᠭᠣᠯ ᠳᠤ ᠵᠣᠬᠢᠶᠠᠨ ᠪᠠᠶᠢᠭᠤᠯᠬᠤ  ᠲᠥᠯᠥᠪᠯᠡᠭᠡ ᠲᠡᠢ ᠪᠠᠶᠢᠭ᠎ᠠ ᠭᠡᠰᠡᠨ ᠮᠡᠳᠡᠭᠡᠯᠡᠯ ᠪᠠᠶᠢᠨ᠎ᠠ᠃

ᠰᠡᠳᠬᠢᠭᠳᠡᠯ ᠦᠯᠡᠳᠡᠭᠡᠬᠦ