ᠳ∙ᠴᠣᠭᠲᠤᠪᠠᠭᠠᠲᠤᠷ ᠬᠢᠲᠠᠳ ᠲᠤ ᠠᠶᠢᠯᠴᠢᠯᠠᠵᠤ ᠪᠠᠶᠢᠨ᠎ᠠ | News.MN

ᠳ∙ᠴᠣᠭᠲᠤᠪᠠᠭᠠᠲᠤᠷ ᠬᠢᠲᠠᠳ ᠲᠤ ᠠᠶᠢᠯᠴᠢᠯᠠᠵᠤ ᠪᠠᠶᠢᠨ᠎ᠠ

ᠭᠠᠳᠠᠭᠠᠳᠤ ᠬᠠᠷᠢᠯᠴᠠᠭᠠᠨ ᠤ ᠶᠠᠮᠤᠨ ᠤ ᠰᠠᠶᠢᠳ ᠳ∙ᠴᠣᠭᠲᠤᠪᠠᠭᠠᠲᠤᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠲᠤ ᠬᠢᠵᠦ ᠪᠤᠢ ᠠᠯᠪᠠᠨ ᠶᠣᠰᠣᠨ ᠤ ᠠᠶᠢᠯᠴᠢᠯᠠᠯ ᠤᠨ ᠢᠶᠠᠨ ᠬᠦᠷᠢᠶᠡᠨ ᠳᠦ 2019 ᠣᠨ ᠤ ᠳᠥᠷᠪᠡᠳᠦᠭᠡᠷ ᠰᠠᠷ᠎ᠠ ᠶᠢᠨ 01 ᠦ ᠡᠳᠦᠷ ᠵᠦᠩ ᠨᠠᠨ ᠬᠠᠢ ᠴᠣᠭᠴᠠᠯᠠᠪᠤᠷᠢ ᠳᠤ ᠲᠤᠰ ᠤᠯᠤᠰ ᠤᠨ ᠳᠡᠳ᠋ ᠳᠠᠷᠤᠭ᠎ᠠ ᠸᠠᠩ ᠴᠢ ᠱᠠᠨ ᠳᠤ ᠪᠠᠷᠠᠭᠠᠯᠬᠠᠪᠠ᠃ ᠠᠭᠤᠯᠵᠠᠯᠲᠠ ᠶᠢᠨ ᠦᠶ᠎ᠡ ᠪᠡᠷ ᠮᠣᠩᠭᠣᠯ ᠬᠢᠲᠠᠳ ᠤᠨ ᠢᠵᠢ ᠪᠦᠷᠢᠨ ᠰᠲᠷᠠᠲ᠋ᠧᠭᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ᠂ 2019 ᠣᠨ ᠳᠤ ᠲᠣᠬᠢᠶᠠᠵᠤ ᠪᠤᠢ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ᠂ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠭᠡᠷ᠎ᠡ ᠶᠢ ᠰᠢᠨᠡᠴᠢᠯᠡᠨ  ᠪᠠᠶᠢᠭᠤᠯᠤᠭᠰᠠᠨ ᠤ 25 ᠵᠢᠯ ᠦᠨ ᠣᠢ ᠶᠢ ᠲᠤᠰ ᠲᠤᠰ ᠲᠡᠮᠳᠡᠭᠯᠡᠬᠦ᠂ ᠪᠥᠰᠡ ᠨᠤᠲᠤᠭ ᠤᠨ ᠢᠨᠲᠸᠭ᠍ᠷᠠᠼᠴᠢᠯᠠᠯ ᠤᠨ ᠬᠦᠷᠢᠶᠡᠨ ᠳᠦ ᠬᠠᠮᠲᠤᠷᠠᠨ ᠠᠵᠢᠯᠯᠠᠬᠤ ᠵᠡᠷᠭᠡ ᠠᠰᠠᠭᠤᠳᠠᠯ ᠢᠶᠠᠷ ᠰᠠᠨᠠᠯ ᠰᠤᠯᠢᠯᠴᠠᠪᠠ᠃
ᠸᠠᠩ ᠴᠢ ᠱᠠᠨ ᠬᠡᠯᠡᠬᠦ ᠳᠦ ᠪᠡᠨ᠂ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠤᠨ ᠠᠯᠪᠠᠨ ᠶᠣᠰᠣᠨ ᠤ ᠠᠶᠢᠯᠴᠢᠯᠠᠯ ᠳᠤ ᠥᠨᠳᠥᠷ ᠠᠴᠢ ᠬᠣᠯᠪᠣᠭᠳᠠᠯ ᠥᠭᠴᠦ᠂ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠵᠤ ᠪᠠᠶᠢᠭ᠎ᠠ ᠳᠤ ᠪᠠᠨ ᠪᠠᠶᠠᠷᠲᠠᠢ ᠪᠤᠢ   ᠪᠠᠨ ᠢᠯᠡᠷᠬᠡᠶᠢᠯᠡᠵᠦ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠳᠦ ᠲᠠᠪᠠᠲᠠᠢ ᠵᠣᠴᠢᠯᠠᠬᠤ ᠶᠢ  ᠬᠦᠰᠡᠵᠦ᠂ ᠮᠣᠩᠭᠣᠯ ᠤᠯᠤᠰ ᠤᠨ ᠶᠡᠷᠦᠩᠬᠡᠶᠢᠯᠡᠭᠴᠢ᠂ ᠶᠡᠷᠦᠩᠬᠡᠢ ᠰᠠᠶᠢᠳ ᠨᠠᠷ ᠲᠤ ᠬᠠᠯᠠᠭᠤᠨ ᠳᠣᠲᠣᠨᠣ ᠮᠡᠨᠳᠦᠴᠢᠯᠡᠭᠡ ᠤᠯᠠᠮᠵᠢᠯᠠᠬᠤ ᠶᠢ ᠬᠦᠰᠡᠪᠡ᠃
ᠠᠯᠪᠠᠨ ᠶᠣᠰᠣᠨ ᠤ ᠠᠶᠢᠯᠴᠢᠯᠠᠯ ᠤᠨ ᠬᠦᠷᠢᠶᠡᠨ ᠳᠦ ᠲᠤᠰ ᠤᠯᠤᠰ ᠤᠨ ᠲᠥᠷᠥ ᠶᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠶᠢᠳ ᠸᠠᠩ ᠢ ᠲᠥᠯᠥᠭᠡᠯᠡᠭᠴᠢᠳ ᠲᠦ ᠵᠣᠷᠢᠭᠤᠯᠵᠤ ᠲᠤᠰᠬᠠᠢ ᠠᠷᠭ᠎ᠠ ᠬᠡᠮᠵᠢᠶ᠎ᠡ ᠶᠢ ︽ᠬᠠᠭᠠᠨ ᠤ ᠣᠷᠳᠣᠨ︾ ᠍ ᠳᠦ ᠵᠣᠬᠢᠶᠠᠨ ᠪᠠᠶᠢᠭᠤᠯᠵᠤ ᠬᠦᠨᠳᠦᠳᠬᠡᠯ ᠦᠵᠡᠭᠦᠯᠪᠡ᠃

ᠰᠡᠳᠬᠢᠭᠳᠡᠯ ᠦᠯᠡᠳᠡᠭᠡᠬᠦ