ᠮᠠᠨ ᠤ ᠤᠯᠤᠰ ᠤᠨ ᠨᠡᠶᠢᠲᠡ ᠨᠤᠲᠤᠭ ᠳᠡᠪᠢᠰᠬᠡᠷ ᠦᠨ 5.5 ᠬᠤᠪᠢ ᠨᠢ ᠲᠤᠰᠬᠠᠢ ᠵᠥᠪᠰᠢᠶᠡᠷᠡᠯ ᠪᠦᠬᠦᠢ ᠲᠠᠯᠠᠪᠠᠢ ᠪᠠᠶᠢᠨ᠎ᠠ᠃ ᠥᠭᠡᠷ᠎ᠡ ᠪᠡᠷ ᠬᠡᠯᠡᠪᠡᠯ᠂ ᠬᠠᠶᠢᠭᠤᠯ ᠤᠨ ᠪᠣᠯᠤᠨ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠲᠡᠢ ᠲᠠᠯᠠᠪᠠᠢ 8.9 ᠰᠠᠶ᠎ᠠ ᠭᠠ ᠪᠠᠶᠢᠭ᠎ᠠ ᠶᠤᠮ᠃ ᠡᠳᠦᠭᠡ ᠡᠴᠡ ᠳᠥᠷᠪᠡᠨ ᠵᠢᠯ ᠦᠨ ᠡᠮᠦᠨ᠎ᠡ ᠪᠤᠶᠤ 2015 ᠣᠨ ᠳᠤ ᠣᠯᠭᠤᠭᠰᠠᠨ ᠲᠤᠰᠬᠠᠢ ᠵᠥᠪᠰᠢᠶᠡᠷᠡᠯ 2691 ᠪᠠᠶᠢᠭᠰᠠᠨ ᠃ ᠣᠳᠣ ᠪᠠᠷ 3029 ᠵᠥᠪᠰᠢᠶᠡᠷᠡᠯ ᠪᠠᠶᠢᠨ᠎ᠠ ᠂ ᠡᠭᠦᠨ ᠡᠴᠡ ᠠᠰᠢᠭᠯᠠᠯᠲᠠ ᠶᠢᠨ ᠬᠢ 1679᠂ ᠬᠠᠶᠢᠭᠤᠯ ᠤᠨ ᠬᠢ 1350 ᠪᠠᠶᠢᠭ᠎ᠠ ᠶᠤᠮ᠃ ᠲᠥᠷᠦᠯ ᠢᠶᠡᠷ ᠨᠢ ᠦᠵᠡᠬᠦ ᠳᠦ᠂ ᠠᠯᠲᠠᠨ ᠤ ᠲᠤᠰᠬᠠᠢ ᠵᠥᠪᠰᠢᠶᠡᠷᠡᠯ ᠦᠨ ᠲᠣᠭ᠎ᠠ ᠬᠠᠮᠤᠭ ᠤᠨ ᠶᠡᠬᠡ ᠪᠤᠶᠤ 547᠂ ᠨᠡᠭᠦᠷᠡᠰᠦᠨ ᠦ ᠬᠢ 318 ᠪᠠᠶᠢᠨ᠎ᠠ᠃ ᠭᠠᠳᠠᠭᠠᠳᠤ ᠶᠢᠨ 100 ᠬᠤᠪᠢ ᠬᠥᠷᠦᠩᠭᠡ ᠣᠷᠣᠭᠤᠯᠤᠯᠲᠠ ᠲᠠᠢ 255 ᠡᠵᠡᠮᠰᠢᠭᠴᠢ ᠶᠢᠨ 444 ᠲᠤᠰᠬᠠᠢ ᠵᠥᠪᠰᠢᠶᠡᠷᠡᠯ ᠪᠠᠶᠢᠭ᠎ᠠ ᠶᠤᠮ ᠪᠠᠶᠢᠨ᠎ᠠ ᠃ ᠬᠠᠷᠢᠨ ᠳᠣᠲᠣᠭᠠᠳᠤ ᠶᠢᠨ ᠬᠢᠭᠡᠳ ᠭᠠᠳᠠᠭᠠᠳᠤ ᠲᠠᠢ ᠬᠠᠮᠲᠤᠷᠠᠭᠰᠠᠨ ᠬᠥᠷᠥᠩᠭᠡ ᠣᠷᠣᠭᠤᠯᠤᠯᠲᠠ ᠲᠠᠢ 100 ᠠᠵᠤ ᠠᠬᠤᠢ ᠶᠢᠨ ᠨᠢᠭᠡᠴᠡ ᠶᠢᠨ 203 ᠵᠥᠪᠰᠢᠶᠡᠷᠡᠯ ᠪᠠᠶᠢᠭ᠎ᠠ ᠶᠤᠮ ᠪᠠᠶᠢᠨ᠎ᠠ᠃ 10 ᠍ ᠠᠴᠠ ᠳᠡᠭᠡᠭᠰᠢ ᠲᠤᠰᠬᠠᠢ ᠵᠥᠪᠰᠢᠶᠡᠷᠡᠯ ᠡᠵᠡᠮᠰᠢᠳᠡᠭ 13 ᠺᠣᠮᠫᠠᠨᠢ ᠪᠠᠶᠢᠭ᠎ᠠ ᠲᠠᠯ᠎ᠠ ᠪᠠᠷ ᠠᠰᠢᠭᠲᠤ ᠮᠠᠯᠲᠠᠮᠠᠯ ᠭᠠᠵᠠᠷ ᠤᠨ ᠲᠣᠰᠤᠨ ᠤ ᠭᠠᠵᠠᠷ ᠠᠴᠠ ᠮᠡᠳᠡᠭᠡᠯᠡᠪᠡ᠃