ᠡᠨᠡ ᠰᠠᠷ᠎ᠠ ᠳᠤ 91 ᠺᠢᠯᠦᠭᠷᠡᠮ ᠠᠯᠲᠠ ᠬᠤᠳᠠᠯᠳᠤᠨ ᠠᠪᠴᠠᠢ | News.MN

ᠡᠨᠡ ᠰᠠᠷ᠎ᠠ ᠳᠤ 91 ᠺᠢᠯᠦᠭᠷᠡᠮ ᠠᠯᠲᠠ ᠬᠤᠳᠠᠯᠳᠤᠨ ᠠᠪᠴᠠᠢ

ᠡᠨᠡ ᠣᠨ ᠤ ᠨᠢᠭᠡᠳᠦᠭᠡᠷ ᠰᠠᠷ᠎ᠠ ᠶᠢᠨ ᠨᠢᠭᠡᠨ ᠡᠴᠡ ᠡᠬᠢᠯᠡᠨ ᠠᠰᠢᠭᠲᠤ ᠮᠠᠯᠲᠠᠮᠠᠯ ᠤᠨ ᠨᠦᠭᠡᠴᠡ ᠠᠰᠢᠭᠯᠠᠭᠰᠠᠨ ᠤ ᠲᠠᠲᠠᠪᠤᠷᠢ ᠲᠠᠪᠤᠨ ᠬᠤᠪᠢ ᠪᠣᠯᠤᠭᠰᠠᠨ᠃  ᠡᠭᠦᠨ ᠳᠡᠭᠡᠷ᠎ᠡ ᠲᠥᠪ ᠪᠠᠩᠬᠢ ᠠᠯᠲᠠᠨ ᠤ ᠵᠠᠬ᠎ᠠ ᠵᠡᠭᠡᠯᠢ ᠶᠢᠨ ᠦᠨ᠎ᠡ ᠶᠢᠨ ᠥᠰᠦᠯᠲᠡ ᠡᠴᠡ ᠬᠠᠮᠢᠶᠠᠷᠴᠦ 0-5 ᠬᠤᠪᠢ  ᠶᠢ ᠨᠡᠮᠡᠵᠦ᠂ ᠨᠡᠶᠢᠲᠡ 9-10 ᠬᠤᠪᠢ ᠪᠠᠷ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢ ᠨᠣᠭᠳᠠᠭᠤᠯᠵᠤ ᠠᠯᠲᠠ ᠣᠯᠪᠤᠷᠢᠯᠠᠭᠴᠢ ᠪᠠᠶᠢᠭᠤᠯᠤᠯᠭ᠎ᠠ᠂ ᠢᠷᠭᠡᠳ ᠡᠴᠡ ᠬᠤᠳᠠᠯᠳᠤᠨ ᠠᠪᠴᠤ ᠪᠠᠶᠢᠭ᠎ᠠ ᠶᠤᠮ᠃ ᠡᠭᠦᠨ ᠡᠴᠡ ᠰᠢᠯᠲᠠᠭᠠᠯᠠᠨ ᠠᠯᠲᠠᠨ ᠤ ᠬᠤᠳᠠᠯᠳᠤᠨ ᠪᠠᠭᠤᠷᠠᠭᠠᠳ ᠥᠩᠭᠡᠷᠡᠭᠰᠡᠨ ᠰᠠᠷ᠎ᠠ ᠳᠤ ᠯᠠ ᠭᠡᠬᠦ ᠳᠦ ᠡᠮᠦᠨᠡᠬᠢ ᠣᠨ ᠠᠴᠠ 80 ᠬᠤᠪᠢ ᠪᠠᠷ ᠪᠠᠭᠤᠷᠠᠭᠰᠠᠨ᠃ ᠡᠨᠡ ᠰᠠᠷ᠎ᠠ ᠳᠤ ᠴᠤ ᠮᠥᠨ ᠲᠡᠷᠡ ᠬᠡᠮᠵᠢᠶ᠎ᠡ ᠪᠡᠷ ᠪᠠᠭᠤᠷᠠᠵᠤ᠂ ᠲᠥᠪ ᠪᠠᠩᠬᠢ ᠡᠨᠡ ᠰᠠᠷ᠎ᠠ ᠳᠤ 91 ᠺᠢᠯᠦᠭᠷᠡᠮ ᠠᠯᠲᠠ ᠬᠤᠳᠠᠯᠳᠤᠨ ᠠᠪᠴᠠᠢ᠃
ᠤᠯᠤᠰ ᠤᠨ ᠶᠡᠬᠡ ᠬᠤᠷᠠᠯ ᠤᠨ ᠥᠩᠭᠡᠷᠡᠭᠰᠡᠨ ᠳᠣᠯᠣᠭ᠎ᠠ ᠬᠣᠨᠣᠭ ᠤᠨ ᠡᠭᠡᠯᠵᠢᠲᠦ ᠪᠤᠰᠤ ᠴᠢᠭᠤᠯᠭᠠᠨ ᠢᠶᠠᠷ ︽ᠠᠰᠢᠭᠲᠤ ᠮᠠᠯᠲᠠᠮᠠᠯ ᠤᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢ ᠪᠠᠲᠤᠯᠠᠵᠤ᠂ ᠠᠯᠲᠠᠨ ᠤ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢ ᠲᠠᠪᠤᠨ ᠬᠤᠪᠢ  ᠪᠤᠯᠭᠠᠵᠤ᠂ ᠭᠤᠷᠪᠠᠳᠤᠭᠠᠷ ᠰᠠᠷ᠎ᠠ ᠶᠢᠨ 28  ᠠᠴᠠ ᠮᠥᠷᠳᠡᠵᠦ ᠡᠬᠢᠯᠡᠭᠰᠡᠨ ᠶᠤᠮ᠃

ᠰᠡᠳᠬᠢᠭᠳᠡᠯ ᠦᠯᠡᠳᠡᠭᠡᠬᠦ