ᠵᠡᠪᠰᠡᠭᠲᠦ ᠬᠦᠴᠦᠨ  ᠢ ᠪᠡᠬᠢᠵᠢᠭᠦᠯᠬᠦ ᠳᠦ ᠠᠮᠧᠷᠢᠺᠠ ᠲᠠᠢ ᠬᠠᠮᠲᠤᠷᠠᠨ᠎ᠠ | News.MN

ᠵᠡᠪᠰᠡᠭᠲᠦ ᠬᠦᠴᠦᠨ  ᠢ ᠪᠡᠬᠢᠵᠢᠭᠦᠯᠬᠦ ᠳᠦ ᠠᠮᠧᠷᠢᠺᠠ ᠲᠠᠢ ᠬᠠᠮᠲᠤᠷᠠᠨ᠎ᠠ

ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠠᠮᠧᠷᠢᠺᠠ  ᠳᠦ ᠬᠢᠭᠰᠡᠨ ᠠᠯᠪᠠᠨ ᠶᠣᠰᠣᠨ ᠤ  ᠠᠶᠢᠯᠴᠢᠯᠠᠯ ᠢᠶᠠᠨ ᠦᠷᠭᠦᠯᠵᠢᠯᠡᠭᠦᠯᠦᠯ᠎ᠡ᠃ ᠠᠶᠢᠯᠴᠢᠯᠠᠯ ᠤᠨ ᠡᠬᠢᠨ ᠦ ᠡᠳᠦᠷ ᠠᠮᠧᠷᠢᠺᠠ ᠶᠢᠨ ᠵᠡᠭᠦᠨ ᠠᠽᠢᠶ᠎ᠠ᠂ ᠨᠣᠮᠣᠬᠠᠨ ᠳᠠᠯᠠᠢ ᠶᠢᠨ ᠠᠰᠠᠭᠤᠳᠠᠯ ᠡᠷᠬᠢᠯᠡᠭᠰᠡᠨ ᠲᠤᠰᠠᠯᠠᠬᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠶᠢᠨ ᠡᠭᠦᠷᠭᠡ ᠭᠦᠢᠴᠡᠳᠬᠡᠭᠴᠢ ᠫ∙ᠮᠧᠷᠹᠢ᠂ ᠴᠡᠷᠢᠭ᠂ ᠤᠯᠤᠰ ᠲᠥᠷᠥ ᠶᠢᠨ ᠭᠠᠵᠠᠷ ᠤᠨ ᠳᠠᠷᠤᠭ᠎ᠠ ᠮ∙ᠰᠲᠷᠢᠩ ᠨᠠᠷ ᠲᠠᠢ ᠠᠯᠪᠠᠨ ᠶᠣᠰᠣᠨ ᠤ ᠠᠭᠤᠯᠵᠠᠯᠲᠠ ᠬᠢᠯ᠎ᠡ᠃
ᠠᠭᠤᠯᠵᠠᠯᠲᠠ ᠶᠢᠨ ᠦᠶ᠎ᠡ ᠪᠡᠷ ᠲᠠᠯ᠎ᠠ ᠨᠤᠭᠤᠳ ᠰᠠᠶ᠋ᠢᠬᠠᠨ ᠬᠣᠶᠠᠷ ᠲᠠᠯ᠎ᠠ ᠶᠢᠨ ᠬᠠᠷᠢᠯᠴᠠᠭᠠᠨ ᠤ ᠲᠦᠪᠰᠢᠨ ᠢᠶᠡᠨ ᠥᠷᠭᠡᠳᠬᠡᠭᠰᠡᠨ ᠢᠵᠢ ᠪᠦᠷᠢᠨ ᠲᠦᠩᠰᠢᠯᠡᠯ ᠦᠨ ᠬᠦᠷᠢᠶᠡᠨ ᠳᠦ ᠬᠦᠷᠭᠡᠭᠰᠡᠨ ᠢ ᠲᠡᠮᠳᠡᠭᠯᠡᠵᠦ᠂ ᠤᠯᠤᠰ ᠲᠥᠷᠥ᠂ ᠨᠡᠶᠢᠭᠡᠮ᠂ ᠡᠳ᠋ ᠍ ᠦᠨ ᠵᠠᠰᠠᠭ᠂ ᠪᠠᠲᠤᠯᠠᠨ ᠬᠠᠮᠠᠭᠠᠯᠠᠬᠤ ᠶᠢᠨ ᠬᠠᠷᠢᠯᠴᠠᠭ᠎ᠠ ᠲᠣᠭᠲᠠᠪᠤᠷᠢᠲᠠᠢ ᠬᠥᠭᠵᠢᠵᠦ ᠪᠠᠶᠢᠭ᠎ᠠ ᠶᠢ ᠣᠨᠴᠠᠯᠠᠨ᠂ ᠬᠠᠮᠲᠤᠷᠠᠨ ᠬᠡᠷᠡᠭᠵᠢᠭᠦᠯᠵᠦ ᠪᠠᠶᠢᠭ᠎ᠠ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠪᠤᠰᠤᠳ ᠠᠰᠠᠭᠤᠳᠠᠯ ᠢᠶᠠᠷ ᠰᠠᠨᠠᠯ ᠰᠤᠯᠢᠯᠴᠠᠪᠠ᠃ ᠨ∙ᠡᠩᠬᠡᠪᠣᠯᠤᠳ ᠮᠣᠩᠭᠣᠯ ᠤᠯᠤᠰ ᠤᠨ ᠵᠡᠪᠰᠡᠭᠲᠦ ᠬᠦᠴᠦᠨ ᠦ ᠪᠦᠷᠢᠯᠳᠦᠬᠦᠨ ᠦ ᠴᠢᠳᠠᠪᠬᠢ ᠶᠢ ᠪᠡᠬᠢᠵᠢᠭᠦᠯᠬᠦ ᠳᠦ ᠠᠮᠧᠷᠢᠺᠠ ᠶᠢᠨ ᠵᠠᠰᠠᠭ ᠤᠨ ᠭᠠᠵᠠᠷ ᠠᠴᠠ ᠦᠵᠡᠭᠦᠯᠵᠦ ᠪᠠᠶᠢᠭ᠎ᠠ ᠳᠡᠮᠵᠢᠯᠭᠡ ᠳᠦ ᠲᠠᠯᠠᠷᠬᠠᠵᠤ ᠪᠠᠶᠢᠳᠠᠭ ᠢᠶᠠᠨ ᠢᠯᠡᠷᠬᠡᠶᠢᠯᠡᠵᠦ᠂ ᠪᠢᠳᠡᠨ ᠦ ᠡᠨᠡᠬᠦ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠴᠠᠭᠠᠰᠢᠳᠠ ᠴᠤ ᠲᠣᠭᠲᠠᠪᠤᠷᠢᠲᠠᠢ ᠦᠷᠭᠦᠯᠵᠢᠯᠡᠨ᠎ᠡ ᠭᠡᠳᠡᠭ ᠲᠦ ᠢᠲᠡᠭᠡᠵᠦ ᠪᠠᠶᠢᠨ᠎ᠠ᠂ ᠮᠥᠨ ᠰᠢᠨ᠎ᠡ ᠪᠡᠷ ᠡᠮᠬᠢᠯᠡᠨ ᠵᠣᠬᠢᠶᠠᠨ ᠪᠠᠶᠢᠭᠤᠯᠤᠭᠰᠠᠨ ᠠᠭᠠᠷ ᠤᠨ ᠴᠡᠷᠢᠭ ᠵᠡᠷᠭᠡ ᠲᠥᠷᠥᠯ ᠦᠨ ᠴᠡᠷᠢᠭ ᠢ ᠬᠥᠭᠵᠢᠭᠦᠯᠬᠦ ᠳᠦ ᠳᠡᠮᠵᠢᠯᠭᠡ ᠬᠡᠷᠡᠭᠲᠡᠢ ᠪᠠᠶᠢᠭ᠎ᠠ ᠶᠢ ᠳᠤᠭᠤᠯᠭᠠᠪᠠ᠃ ᠬᠠᠷᠢᠨ ᠠᠮᠧᠷᠢᠺᠠ ᠶᠢᠨ ᠲᠠᠯ᠎ᠠ ᠠᠴᠠ ᠮᠣᠩᠭᠣᠯ ᠤᠯᠤᠰ ᠤᠨ ᠵᠡᠪᠰᠡᠭᠲᠦ ᠬᠦᠴᠦᠨ ᠦ ᠴᠢᠳᠠᠪᠬᠢ ᠶᠢ ᠪᠡᠬᠢᠵᠢᠭᠦᠯᠬᠦ ᠳᠦ ᠦᠷᠭᠦᠯᠵᠢᠯᠡᠭᠦᠯᠦᠨ ᠳᠡᠮᠵᠢᠯᠭᠡ ᠦᠵᠡᠭᠦᠯᠬᠦ ᠪᠡᠨ ᠨᠣᠲᠠᠯᠠᠵᠤ᠂ ᠴᠢᠨᠠᠭᠰᠢᠳᠠ ᠪᠠᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠬᠦ ᠳᠦ ᠪᠡᠯᠡᠨ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ