ᠠᠷᠠᠳᠴᠢᠯᠠᠭᠰᠠᠨ ᠨᠠᠮ ᠣᠢ ᠪᠠᠨ ᠲᠡᠮᠳᠡᠭᠯᠡᠵᠦ ᠪᠠᠶᠢᠨ᠎ᠠ | News.MN

ᠠᠷᠠᠳᠴᠢᠯᠠᠭᠰᠠᠨ ᠨᠠᠮ ᠣᠢ ᠪᠠᠨ ᠲᠡᠮᠳᠡᠭᠯᠡᠵᠦ ᠪᠠᠶᠢᠨ᠎ᠠ

ᠠᠷᠠᠳᠴᠢᠯᠠᠭᠰᠠᠨ ᠬᠤᠪᠢᠰᠬᠠᠯ ᠤᠨ 30᠂ ᠠᠷᠠᠳᠴᠢᠯᠠᠭᠰᠠᠨ ᠨᠠᠮ ᠢ ᠡᠭᠦᠰᠬᠡᠨ ᠪᠠᠶᠢᠭᠤᠯᠤᠭᠰᠠᠨ ᠤ 29 ᠵᠢᠯ ᠦᠨ ᠪᠠᠶᠠᠷ ᠥᠨᠥᠳᠥᠷ ᠲᠣᠬᠢᠶᠠᠵᠤ ᠪᠠᠶᠢᠨ᠎ᠠ᠃ ᠣᠢ ᠳᠤ ᠵᠣᠷᠢᠭᠤᠯᠤᠭᠰᠠᠨ ᠪᠠᠶᠠᠷ ᠤᠨ ᠬᠤᠷᠠᠯ ᠳᠤ ᠠᠷᠠᠳᠴᠢᠯᠠᠭᠰᠠᠨ ᠨᠠᠮ ᠤᠨ ᠤᠳᠤᠷᠢᠳᠤᠯᠭ᠎ᠠ ᠨᠠᠷ ᠪᠣᠯᠤᠨ ᠭᠡᠰᠢᠭᠦᠳ ᠳᠡᠮᠵᠢᠭᠴᠢᠳ᠂ ᠨᠠᠮ ᠤᠨ ᠳᠡᠷᠭᠡᠳᠡᠬᠢ ᠪᠠᠶᠢᠭᠤᠯᠤᠯᠭ᠎ᠠ ᠨᠤᠭᠤᠳ ᠣᠷᠣᠯᠴᠠᠵᠤ᠂ ᠠᠷᠠᠳᠴᠢᠯᠠᠯ ᠤᠨ ᠠᠯᠳᠠᠭ᠎ᠠ ᠣᠨᠣᠭ᠎ᠠ᠂ ᠲᠤᠯᠭᠠᠮᠳᠠᠭᠰᠠᠨ ᠠᠰᠠᠭᠤᠳᠠᠯ ᠢᠶᠠᠨ ᠬᠡᠯᠡᠯᠴᠡᠵᠦ ᠪᠠᠶᠢᠨ᠎ᠠ᠃ ᠰᠥᠷᠭᠦ ᠬᠦᠴᠦᠨ ᠢᠶᠡᠷ ᠠᠵᠢᠯᠯᠠᠵᠤ ᠪᠠᠶᠢᠭ᠎ᠠ ᠡᠨᠡ ᠴᠠᠭ ᠬᠤᠭᠤᠴᠠᠭᠠᠨ ᠳᠤ ᠪᠠᠨ ᠠᠷᠠᠳᠴᠢᠯᠠᠭᠰᠠᠨ ᠨᠠᠮ ᠪᠣᠳᠣᠯᠭ᠎ᠠ ᠶᠢᠨ ᠨᠠᠮ ᠪᠣᠯᠬᠤ ᠵᠣᠷᠢᠯᠲᠠ ᠲᠠᠯᠪᠢᠵᠤ᠂ 27 ᠵᠢᠯ ᠦᠨ ᠣᠢ ᠶᠢᠨ ᠪᠤᠱᠤᠭ᠎ᠠ ᠳᠡᠭᠡᠷ᠎ᠡ ᠰᠢᠨᠡᠴᠢᠯᠡᠯ ᠦᠨ ᠠᠵᠢᠯ ᠢᠶᠠᠨ ᠡᠬᠢᠯᠡᠭᠦᠯᠦᠭᠰᠡᠨ ᠭᠡᠳᠡᠭ ᠢ ᠪᠠᠶᠠᠷ ᠤᠨ ᠬᠤᠷᠠᠯ ᠤᠨ ᠦᠶ᠎ᠡ ᠪᠡᠷ ᠣᠨᠴᠠᠯᠠᠯ᠎ᠠ᠃
1990 ᠣᠨ ᠤ ᠡᠪᠦᠯ ᠠᠷᠠᠳ ᠲᠦᠮᠡᠨ ᠠᠷᠠᠳᠴᠢᠯᠠᠯ ᠤᠨ ᠲᠥᠯᠥᠭᠡ ᠵᠢᠭᠰᠠᠵᠤ ᠡᠷᠬᠡ ᠴᠢᠯᠦᠭᠡ ᠪᠡᠨ ᠣᠯᠵᠤ ᠠᠪᠤᠭᠰᠠᠨ ᠨᠢ ᠮᠣᠩᠭᠣᠯ ᠤᠯᠤᠰ ᠤᠨ ᠲᠤᠰᠠᠭᠠᠷ ᠲᠣᠭᠲᠠᠨᠢᠯ ᠢ ᠳᠡᠯᠡᠬᠡᠢ ᠳᠦ ᠪᠠᠲᠤᠯᠠᠭᠠᠵᠢᠭᠤᠯᠤᠭᠰᠠᠨ ᠶᠠᠪᠤᠳᠠᠯ ᠪᠠᠶᠢᠯ᠎ᠠ᠃ ᠮᠣᠩᠭᠣᠯ ᠣᠷᠣᠨ ᠳᠤ ᠢᠯᠠᠯᠲᠠ ᠪᠠᠶᠢᠭᠤᠯᠤᠭᠰᠠᠨ ᠠᠷᠠᠳᠴᠢᠯᠠᠭᠰᠠᠨ ᠬᠤᠪᠢᠰᠬᠠᠯ ᠨᠢ ᠳᠡᠯᠡᠬᠡᠢ ᠶᠢᠨ ᠠᠯᠢ ᠴᠤ ᠤᠯᠤᠰ ᠣᠷᠣᠨ ᠳᠤ ᠪᠣᠯᠵᠤ ᠪᠠᠶᠢᠭ᠎ᠠ ᠦᠭᠡᠢ ᠲᠠᠶᠢᠪᠤᠩ ᠵᠠᠮ ᠢᠶᠠᠷ ᠶᠠᠪᠤᠭᠳᠠᠭᠰᠠᠨ ᠢᠶᠠᠷ ᠢᠶᠠᠨ ᠣᠨᠴᠠᠯᠢᠭ ᠲᠠᠢ ᠶᠤᠮ ᠃ ᠪᠠᠶᠠᠷ ᠤᠨ ᠬᠤᠷᠠᠯ ᠤᠨ ᠦᠶ᠎ᠡ ᠪᠡᠷ ᠠᠷᠠᠳᠴᠢᠯᠠᠭᠰᠠᠨ ᠨᠠᠮ ᠤᠨ ᠭᠡᠰᠢᠭᠦᠨ᠂ ᠠᠷᠠᠳᠴᠢᠯᠠᠭᠰᠠᠨ ᠠᠬᠠᠮᠠᠳ ᠤᠨ ᠬᠣᠯᠪᠣᠭᠠᠨ ᠤ ᠭᠡᠰᠢᠭᠦᠨ ᠼ∙ᠷᠠᠳᠨᠠ᠂ ᠦᠨᠳᠦᠰᠦᠨ ᠦ ᠪᠤᠳᠤᠯᠭ᠎ᠠ ᠶᠢᠨ ᠬᠤᠷᠢᠶᠠᠨ ᠤ ᠭᠡᠰᠢᠭᠦᠨ ᠫ∙ᠪᠠᠲᠤᠴᠢᠮᠡᠭ᠂ ᠲᠥᠪ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠬ∙ᠤᠯᠠᠮᠰᠠᠶᠢᠬᠠᠨ ᠨᠠᠷ ᠢ ᠠᠷᠠᠳᠴᠢᠯᠠᠭᠰᠠᠨ ᠨᠠᠮ ᠤᠨ ᠳᠡᠭᠡᠳᠦ ᠱᠠᠩᠨᠠᠯ – ᠴᠢᠩᠭᠢᠰ ᠦᠨ ᠣᠳᠣᠨ ᠢᠶᠠᠷ ᠱᠠᠩᠨᠠᠯ᠎ᠠ᠃

ᠰᠡᠳᠬᠢᠭᠳᠡᠯ ᠦᠯᠡᠳᠡᠭᠡᠬᠦ