ᠬ∙ᠪᠠᠲᠤᠲᠤᠯᠭ᠎ᠠ ᠬᠢᠲᠠᠳ  ᠲᠤ ᠠᠶᠢᠯᠴᠢᠯᠠᠨ᠎ᠠ | News.MN

ᠬ∙ᠪᠠᠲᠤᠲᠤᠯᠭ᠎ᠠ ᠬᠢᠲᠠᠳ  ᠲᠤ ᠠᠶᠢᠯᠴᠢᠯᠠᠨ᠎ᠠ

ᠶᠡᠷᠦᠩᠬᠡᠶᠢᠯᠡᠭᠴᠢ ᠬ∙ᠪᠠᠲᠤᠲᠤᠯᠭ᠎ᠠ ᠳᠥᠷᠪᠡᠳᠦᠭᠡᠷ ᠰᠠᠷ᠎ᠠ ᠶᠢᠨ ᠰᠡᠭᠦᠯ ᠦᠨ 10 ᠬᠣᠨᠣᠭ ᠲᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠪᠣᠯᠬᠤ ︽ᠪᠥᠰᠡ ᠪᠠ ᠵᠠᠮ︾ ᠠᠭᠤᠯᠵᠠᠯᠲᠠ ᠳᠤ ᠤᠷᠤᠯᠴᠠᠬᠤ ᠶᠤᠮ ᠪᠠᠶᠢᠨ᠎ᠠ᠃ ᠬᠣᠶᠠᠷ ᠵᠢᠯ ᠳᠦ ᠨᠢᠭᠡ ᠤᠳᠠᠭ᠎ᠠ ᠪᠣᠯᠳᠠᠭ ᠡᠨᠡ ᠠᠭᠤᠯᠵᠠᠯᠲᠠ ᠳᠤ ᠮᠣᠩᠭᠣᠯ ᠠᠴᠠ ᠶᠡᠷᠦᠩᠬᠡᠢ ᠰᠠᠶᠢᠳ ᠵ∙ᠡᠷᠳᠡᠨᠢᠪᠠᠲᠤ ᠣᠷᠣᠯᠴᠠᠵᠤ ᠪᠠᠶᠢᠵᠠᠢ ᠃ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠡᠨᠡ ᠳᠣᠯᠣᠭ᠎ᠠ ᠬᠣᠨᠣᠭ ᠲᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠭᠰᠡᠨ ᠪᠥᠭᠡᠳ ᠡᠨᠡ ᠠᠶᠢᠯᠴᠢᠯᠠᠯ ᠨᠢ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠥᠷᠥ ᠶᠢᠨ ᠠᠶᠢᠯᠴᠢᠯᠠᠯ ᠤᠨ ᠪᠡᠯᠡᠳᠬᠡᠯ ᠢ ᠬᠠᠩᠭᠠᠬᠤ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠳᠤ ᠪᠣᠳᠠᠲᠤ ᠠᠬᠢᠴᠠ ᠭᠠᠷᠭᠠᠬᠤ ᠵᠣᠷᠢᠯᠭ᠎ᠠ ᠲᠠᠢ ᠪᠠᠶᠢᠪᠠ᠃
ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ  ᠵᠢᠨ ᠫᠢᠩ ᠦᠨ ᠰᠠᠨᠠᠭᠠᠴᠢᠯᠠᠭᠰᠠᠨ ︽ᠪᠥᠰᠡ ᠪᠠ ᠵᠠᠮ︾ ᠠᠭᠤᠯᠵᠠᠯᠲᠠ ᠶᠢᠨ ᠲᠤᠪ ᠬᠠᠷᠠᠬᠠᠨ ᠭᠠᠷᠤᠭ᠎ᠠ ᠦᠭᠡᠢ ᠪᠠᠶᠢᠭ᠎ᠠ ᠪᠥᠭᠡᠳ ᠡᠨᠡ ᠠᠭᠤᠯᠵᠠᠯᠲᠠ ᠶᠢᠨ ᠦᠶ᠎ᠡ ᠪᠡᠷ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠡᠮᠦᠨᠡᠲᠦ ᠬᠥᠷᠰᠢ ᠳᠦ ᠬᠢᠬᠦ ᠲᠥᠷᠥ ᠶᠢᠨ ᠠᠶᠢᠯᠴᠢᠯᠠᠯ ᠢ ᠬᠠᠮᠲᠤᠳᠬᠠᠨ ᠬᠢᠬᠦ ᠲᠠᠯ᠎ᠠ ᠪᠠᠷ ᠬᠣᠶᠠᠷ ᠲᠠᠯ᠎ᠠ ᠶᠠᠷᠢᠯᠴᠠᠭᠰᠠᠨ ᠶᠤᠮ ᠪᠠᠶᠢᠨ᠎ᠠ ᠃

ᠰᠡᠳᠬᠢᠭᠳᠡᠯ ᠦᠯᠡᠳᠡᠭᠡᠬᠦ