ᠲᠦᠷᠺ ᠲᠥᠬᠥᠭᠡᠷᠦᠮᠵᠢ ᠲᠡᠢ ᠭᠤᠯᠢᠷ ᠤᠨ ᠦᠢᠯᠡᠳᠪᠦᠷᠢ ᠨᠡᠭᠡᠭᠡᠭᠳᠡᠪᠡ | News.MN

ᠲᠦᠷᠺ ᠲᠥᠬᠥᠭᠡᠷᠦᠮᠵᠢ ᠲᠡᠢ ᠭᠤᠯᠢᠷ ᠤᠨ ᠦᠢᠯᠡᠳᠪᠦᠷᠢ ᠨᠡᠭᠡᠭᠡᠭᠳᠡᠪᠡ

ᠲᠦᠷᠺ ᠤᠯᠤᠰ ᠤᠨ Alapala ᠦᠢᠯᠡᠳᠪᠦᠷᠢ ᠶᠢᠨ ᠣᠷᠴᠢᠨ ᠦᠶ᠎ᠡ ᠶᠢᠨ ᠲᠧᠭᠨᠣᠯᠣᠭᠢ ᠪᠦᠬᠦᠢ ᠲᠣᠨᠣᠭ ᠲᠥᠬᠥᠭᠡᠷᠦᠮᠵᠢ ᠪᠡᠷ ᠬᠣᠨᠣᠭ ᠲᠤ 120 ᠲᠣᠨ᠂ ᠵᠢᠯ ᠳᠦ 40000 ᠲᠣᠨ ᠤᠯᠠᠭᠠᠨ ᠪᠤᠭᠤᠳᠠᠢ ᠲᠡᠭᠡᠷᠮᠡᠳᠡᠬᠦ ᠬᠦᠴᠦᠨ ᠴᠢᠳᠠᠯ ᠲᠠᠢ  ︽ᠡᠰᠦᠭ︾ ᠭᠤᠯᠢᠷ ᠤᠨ ᠦᠢᠯᠡᠳᠪᠦᠷᠢ ᠥᠨᠥᠳᠥᠷ ᠨᠡᠭᠡᠭᠡᠯᠲᠡ ᠪᠡᠨ ᠬᠢᠯ᠎ᠡ ᠃ ︽ᠡᠸ᠋ᠨᠰᠠᠳᠠ︾ ᠺᠣᠮᠫᠠᠨᠢ ᠶᠢᠨ ᠡᠨᠡᠬᠦ ᠦᠢᠯᠡᠳᠪᠦᠷᠢ ᠨᠢ ᠢᠷᠭᠡᠳ ᠦᠨ ᠬᠡᠷᠡᠭᠴᠡᠭᠡ ᠶᠢ ᠬᠠᠩᠭᠠᠬᠤ ᠰᠠᠶᠢᠨ ᠭᠤᠯᠢᠷ ᠦᠢᠯᠡᠳᠪᠦᠷᠢᠯᠡᠵᠦ ᠂ ᠡᠬᠡ ᠣᠷᠣᠨ ᠤ ᠪᠠᠨ ᠭᠤᠯᠢᠷ ᠤᠨ ᠬᠡᠷᠡᠭᠴᠡᠭᠡ ᠶᠢ ᠬᠠᠩᠭᠠᠬᠤ ᠪᠥᠭᠡᠳ ᠤᠯᠠᠭᠠᠨ ᠪᠤᠭᠤᠳᠠᠢ ᠶᠢᠨ ᠪᠦᠬᠦ ᠲᠥᠷᠥᠯ ᠦᠨ ᠭᠤᠯᠢᠷ ᠦᠢᠯᠡᠳᠪᠦᠷᠢᠯᠡᠬᠦ ᠶᠤᠮ ᠪᠠᠶᠢᠨ᠎ᠠ᠃ ᠮᠥᠨ ᠲᠤᠰ ᠺᠣᠮᠫᠠᠨᠢ ᠰᠢᠨ᠎ᠡ ᠪᠡᠷ 80 ᠠᠵᠢᠯ ᠤᠨ ᠪᠠᠶᠢᠷᠢ ᠪᠤᠢ ᠪᠣᠯᠭᠠᠵᠠᠢ᠃
ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠰᠠᠶᠢᠳ ᠴ∙ᠤᠯᠠᠭᠠᠨ᠂ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠠᠬᠠᠯᠠᠬᠤ ᠵᠥᠪᠯᠡᠬᠦ ᠪ∙ᠡᠩᠬᠡ-ᠠᠮᠤᠭᠤᠯᠠᠩ᠂ ᠤᠯᠤᠰ ᠤᠨ ᠶᠡᠬᠡ ᠬᠤᠷᠠᠯ ᠤᠨ ᠭᠡᠰᠢᠭᠦᠨ ᠮᠣᠩᠭᠣᠯ ᠤᠨ ᠦᠨᠳᠦᠰᠦᠨ ᠦ ᠲᠠᠷᠢᠶᠠᠯᠠᠩᠴᠢᠳ ᠤᠨ ᠬᠣᠯᠪᠣᠭᠠᠨ ᠤ ᠲᠡᠷᠢᠭᠦᠨ ᠵ∙ᠡᠩᠬᠡᠪᠠᠶᠠᠷ ᠲᠡᠷᠢᠭᠦᠲᠡᠢ ᠠᠯᠪᠠᠨ ᠤ ᠬᠦᠮᠦᠰ ᠭᠤᠯᠢᠷ ᠤᠨ ᠦᠢᠯᠡᠳᠪᠦᠷᠢ ᠶᠢᠨ ᠨᠡᠭᠡᠭᠡᠯᠲᠡ ᠳᠦ ᠣᠷᠣᠯᠴᠠᠯ᠎ᠠ᠃ ᠮᠣᠩᠭᠣᠯ ᠤᠯᠤᠰ ᠤᠨ ᠲᠣᠭᠲᠠᠪᠤᠷᠢᠲᠠᠢ ᠬᠥᠭᠵᠢᠯ ᠦᠨ ᠦᠵᠡᠯ ᠪᠠᠷᠢᠮᠲᠠᠯᠠᠯ-2030 ᠪᠣᠯᠤᠨ ᠲᠥᠷᠥ ᠡᠴᠡ ᠬᠦᠨᠡᠰᠦ᠂ ᠬᠥᠳᠡᠭᠡ ᠠᠵᠤ ᠠᠬᠤᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠲᠥᠷᠥ ᠡᠴᠡ ᠠᠵᠤ ᠦᠢᠯᠡᠳᠪᠦᠷᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠮᠣᠩᠭᠣᠯ ᠤᠯᠤᠰ ᠤᠨ ᠵᠠᠰᠠᠭ ᠤᠨ ᠭᠠᠵᠠᠷ ᠤᠨ 2016-2020 ᠣᠨ ᠤ ᠦᠢᠯᠡ ᠠᠵᠢᠯᠯᠠᠭᠠᠨ ᠤ ᠬᠥᠲᠥᠯᠪᠦᠷᠢ ᠳᠦ ᠲᠤᠰᠬᠠᠭᠰᠠᠨ ︽ᠦᠢᠯᠡᠳᠪᠦᠷᠢᠵᠢᠯᠲᠡ 21᠄100 ︾᠂ ︽ᠡᠷᠡᠭᠦᠯ ᠬᠦᠨᠡᠰᠦ-ᠡᠷᠡᠭᠦᠯ ᠮᠣᠩᠭᠣᠯ ᠬᠦᠮᠦᠨ︾ ᠦᠨᠳᠦᠰᠦᠨ ᠦ ᠬᠥᠲᠥᠯᠪᠦᠷᠢ ᠶᠢ ᠪᠠᠲᠤᠯᠠᠭᠤᠯᠤᠨ ᠬᠡᠷᠡᠭᠵᠢᠭᠦᠯᠵᠦ ᠪᠣᠳᠠᠲᠤ ᠦᠷ᠎ᠡ ᠳ᠋ᠦᠩ ᠳᠦ ᠬᠦᠷᠴᠦ ᠪᠠᠶᠢᠨ᠎ᠠ᠃

ᠰᠡᠳᠬᠢᠭᠳᠡᠯ ᠦᠯᠡᠳᠡᠭᠡᠬᠦ