ᠦᠨᠳᠦᠰᠦᠨ ᠬᠠᠤᠯᠢ ᠳᠤ ᠦᠭᠡᠷᠡᠴᠢᠯᠡᠯᠲᠡ ᠤᠷᠤᠭᠤᠯᠤᠨ᠎ᠠ | News.MN

ᠦᠨᠳᠦᠰᠦᠨ ᠬᠠᠤᠯᠢ ᠳᠤ ᠦᠭᠡᠷᠡᠴᠢᠯᠡᠯᠲᠡ ᠤᠷᠤᠭᠤᠯᠤᠨ᠎ᠠ

ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠤᠨ ᠪᠦᠯᠦᠭ ᠦᠨ ᠡᠭᠡᠯᠵᠢᠲᠦ ᠬᠤᠷᠠᠯᠳᠤᠭᠠᠨ ᠠᠴᠠ ᠭᠠᠷᠤᠭᠰᠠᠨ ᠰᠢᠢᠳᠪᠦᠷᠢ ᠶᠢ ᠲᠠᠨᠢᠯᠴᠠᠭᠤᠯᠵᠤ ᠪᠦᠯᠦᠭ ᠦᠨ ᠳᠠᠷᠤᠭ᠎ᠠ ᠳ∙ᠲᠣᠭᠲᠠᠬᠤᠰᠦ᠋ᠷᠦᠩ ᠪᠣᠯᠤᠨ ᠭᠡᠰᠢᠭᠦᠳ ᠮᠡᠳᠡᠭᠡᠯᠡᠯ ᠬᠢᠯ᠎ᠡ᠃ ᠪᠦᠯᠦᠭ ᠦᠨ ᠬᠤᠷᠠᠯ ᠢᠶᠠᠷ ᠬᠣᠶᠠᠷ ᠠᠰᠠᠭᠤᠳᠠᠯ ᠬᠡᠯᠡᠯᠴᠡᠨ ᠰᠢᠢᠳᠪᠦᠷᠢᠯᠡᠵᠡᠢ᠃ ᠲᠡᠭᠦᠨ ᠦ ᠨᠢᠭᠡ ᠨᠢ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠠᠰᠠᠭᠤᠳᠠᠯ ᠪᠠᠶᠢᠭᠰᠠᠨ ᠪᠦᠭᠡᠳ ᠤᠯᠤᠰ ᠤᠨ ᠶᠡᠬᠡ ᠬᠤᠷᠠᠯ ᠦᠨ ᠭᠡᠰᠢᠭᠦᠨ ᠳ∙ᠯᠦᠨᠳᠦᠭᠵᠡᠯᠰᠡᠨ ᠲᠣᠳᠣᠷᠬᠠᠢ ᠮᠡᠳᠡᠭᠡᠯᠡᠯ ᠦᠭᠭᠦᠯ᠎ᠡ ᠃
ᠲᠡᠷᠡ᠄ 360 ᠮᠢᠩᠭᠠᠨ ᠬᠦᠮᠦᠨ ᠡᠴᠡ ᠢᠷᠡᠭᠰᠡᠨ ᠰᠠᠨᠠᠯ ᠤᠳ ᠳᠣᠲᠣᠷ᠎ᠠ 70 ᠍ ᠠᠴᠠ ᠳᠡᠭᠡᠭᠰᠢ ᠬᠤᠪᠢ ᠲᠠᠢ ᠳᠡᠮᠵᠢᠭᠳᠡᠭᠰᠡᠨ ᠰᠠᠨᠠᠯ ᠤᠳ ᠢ ᠦᠨᠳᠦᠰᠦᠨ ᠬᠠᠤᠯᠢ ᠶᠢᠨ  ᠦᠭᠡᠷᠡᠴᠢᠯᠡᠯᠲᠡ ᠳᠦ ᠣᠷᠣᠭᠤᠯᠵᠤ ᠪᠠᠶᠢᠭ᠎ᠠ᠃ ᠦᠨᠳᠦᠰᠦᠨ ᠳᠦ ᠪᠡᠨ 7᠂ 8 ᠵᠦᠢᠯ ᠳᠦ ᠥᠭᠡᠷᠡᠴᠢᠯᠡᠯᠲᠡ ᠣᠷᠣᠨ᠎ᠠ᠃ ᠡᠭᠦᠨ ᠳᠦ ︽ᠳᠠᠪᠬᠤᠷ ᠳᠡᠪᠡᠯ︾ ᠢ ᠬᠤᠷᠢᠭᠯᠠᠬᠤ᠂ ᠵᠠᠰᠠᠭ ᠤᠨ ᠭᠠᠵᠠᠷ ᠢ ᠲᠣᠭᠲᠠᠪᠤᠷᠢᠲᠠᠢ ᠪᠠᠶᠢᠯᠭᠠᠬᠤ᠂ ᠬᠥᠭᠵᠢᠯ ᠦᠨ ᠲᠥᠰᠥᠪ ᠲᠡᠢ ᠬᠣᠯᠪᠣᠭ᠎ᠠ ᠲᠠᠢ᠂ ᠰᠢᠭᠦᠬᠦ ᠡᠷᠬᠡ ᠮᠡᠳᠡᠯ ᠦᠨ ᠲᠤᠬᠠᠢ ᠭᠡᠬᠦ ᠮᠡᠲᠦ ᠥᠭᠡᠷᠡᠴᠢᠯᠡᠯᠲᠡ ᠨᠦᠭᠦᠳ ᠪᠠᠭᠲᠠᠵᠤ ᠪᠠᠶᠢᠭ᠎ᠠ᠃ ᠶᠡᠷᠦᠩᠬᠡᠶᠢᠯᠡᠭᠴᠢ ᠶᠢᠨ ᠬᠠᠤᠯᠢ ᠰᠠᠨᠠᠭᠠᠴᠢᠯᠠᠬᠤ᠂ ᠴᠢᠭᠯᠡᠯ ᠥᠭᠬᠦ ᠬᠣᠶᠠᠷ ᠡᠷᠬᠡ ᠶᠢ ᠬᠡᠪ ᠢᠶᠡᠷ ᠦᠯᠡᠳᠡᠭᠡᠵᠦ᠂ ᠰᠢᠭᠦᠬᠦ ᠡᠷᠬᠡ ᠮᠡᠳᠡᠯ ᠲᠡᠢ ᠬᠤᠳᠬᠤᠯᠳᠤᠳᠠᠭ ᠢ ᠬᠢᠵᠠᠭᠠᠷᠯᠠᠵᠤ ᠪᠠᠶᠢᠭ᠎ᠠ᠃ ᠵᠠᠰᠠᠭ ᠤᠨ ᠭᠠᠵᠠᠷ ᠤᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠵᠢᠭᠠᠯᠲᠠ ᠨᠤᠭᠤᠳ ᠣᠷᠣᠵᠤ ᠪᠠᠶᠢᠭ᠎ᠠ ᠨᠢ ᠶᠡᠷᠦᠩᠬᠡᠢ ᠰᠠᠶᠢᠳ ᠤᠨ ᠡᠷᠬᠡ ᠮᠡᠳᠡᠯ ᠢ ᠨᠡᠮᠡᠭᠳᠡᠭᠦᠯᠵᠦ ᠪᠠᠶᠢᠭ᠎ᠠ ᠮᠡᠲᠦ ᠬᠠᠷᠠᠭᠳᠠᠵᠤ ᠪᠠᠶᠢᠭ᠎ᠠ ᠴᠤ ᠤᠯᠤᠰ ᠤᠨ ᠶᠡᠬᠡ ᠬᠤᠷᠠᠯ ᠤᠨ ᠡᠮᠦᠨ᠎ᠡ ᠬᠦᠯᠢᠶᠡᠭᠰᠡᠨ ᠡᠭᠦᠷᠭᠡ ᠪᠡᠨ ᠪᠡᠶᠡᠯᠡᠭᠦᠯᠦᠭᠡᠳ ᠶᠠᠪᠤᠨ᠎ᠠ᠃ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ ᠲᠣᠭᠲᠠᠯᠴᠠᠭ᠎ᠠ ᠵᠢᠷᠤᠮ ᠢ ᠬᠠᠤᠯᠢ ᠪᠠᠷ ᠲᠣᠭᠲᠠᠭᠠᠬᠤ ᠵᠢᠭᠠᠯᠲᠠ ᠣᠷᠣᠭᠰᠠᠨ᠃ ᠬᠡᠯᠡᠯᠴᠡᠭᠦᠯᠭᠡ ᠶᠢᠨ ᠶᠠᠪᠤᠴᠠ ᠳᠤ ᠰᠢᠨ᠎ᠡ ᠵᠢᠭᠠᠯᠲᠠ ᠣᠷᠣᠵᠤ ᠢᠷᠡᠬᠦ ᠦᠭᠡᠢ᠃ ᠬᠠᠷᠢᠨ ᠬᠠᠰᠤᠬᠤ᠂ ᠵᠠᠰᠠᠬᠤ ᠠᠰᠠᠭᠤᠳᠠᠯ ᠶᠠᠷᠢᠭᠳᠠᠨ᠎ᠠ᠃ ᠬᠡᠯᠡᠯᠴᠡᠭᠦᠯᠭᠡ ᠦᠷᠭᠦᠯᠵᠢᠯᠡᠵᠦ᠂ ᠢᠷᠭᠡᠳ ᠡᠴᠡ ᠰᠠᠨᠠᠯ ᠠᠪᠬᠤ ᠦᠢᠯᠡ ᠶᠠᠪᠤᠴᠠ ᠦᠷᠭᠦᠯᠵᠢᠯᠡᠭᠰᠡᠭᠡᠷ ᠪᠠᠶᠢᠭ᠎ᠠ ᠃ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢᠨ ᠠᠰᠠᠭᠤᠳᠠᠯ ᠳᠡᠭᠡᠷ᠎ᠡ ᠣᠯᠠᠨ ᠲᠦᠮᠡᠨ ᠡᠴᠡ ᠪᠡᠨ ᠰᠠᠨᠠᠯ ᠠᠪᠬᠤ ᠳᠤ ᠲᠦᠯᠬᠢᠭᠦᠦ ᠠᠩᠬᠠᠷᠤᠭᠰᠠᠨ᠃ ᠳᠣᠯᠣᠭ᠎ᠠ ᠬᠡᠮᠵᠢᠵᠦ᠂ ᠨᠢᠭᠡ ᠣᠭᠲᠣᠯ ᠭᠡᠬᠦ ᠵᠠᠷᠴᠢᠮ ᠢ ᠪᠠᠷᠢᠮᠲᠠᠯᠠᠵᠤ ᠠᠵᠢᠯᠯᠠᠵᠤ ᠪᠠᠶᠢᠨ᠎ᠠ ᠬᠡᠮᠡᠪᠡ᠃

ᠰᠡᠳᠬᠢᠭᠳᠡᠯ ᠦᠯᠡᠳᠡᠭᠡᠬᠦ