ᠨ∙ᠤᠴᠠᠷᠠᠯ ᠣᠯᠠᠨ ᠤᠯᠤᠰ ᠤᠨ ᠫᠠᠷᠯᠠᠮᠸᠨᠲ ᠤᠨ ᠭᠡᠰᠢᠭᠦᠨ ᠢᠶᠡᠷ ᠰᠣᠩᠭᠣᠭᠳᠠᠯ᠎ᠠ | News.MN

ᠨ∙ᠤᠴᠠᠷᠠᠯ ᠣᠯᠠᠨ ᠤᠯᠤᠰ ᠤᠨ ᠫᠠᠷᠯᠠᠮᠸᠨᠲ ᠤᠨ ᠭᠡᠰᠢᠭᠦᠨ ᠢᠶᠡᠷ ᠰᠣᠩᠭᠣᠭᠳᠠᠯ᠎ᠠ

ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠠᠰᠰᠠᠮᠪᠯᠧᠢ ᠶᠢᠨ 140 ᠳ᠋ᠤᠭᠡᠷ ᠴᠢᠭᠤᠯᠭᠠᠨ ᠺᠠᠲ᠋ᠠᠷ ᠤᠯᠤᠰ ᠤᠨ ᠳ᠋ᠤᠾᠠ ᠬᠤᠲᠠ ᠳᠤ ᠵᠣᠬᠢᠶᠠᠭᠳᠠᠵᠤ ᠪᠠᠶᠢᠨ᠎ᠠ᠃ ᠬᠤᠷᠠᠯᠳᠤᠭᠠᠨ ᠤ ᠦᠶ᠎ᠡ ᠪᠡᠷ ᠤᠯᠤᠰ ᠤᠨ ᠶᠡᠬᠡ ᠬᠤᠷᠠᠯ ᠤᠨ ᠭᠡᠰᠢᠭᠦᠨ ᠨ∙ᠤᠴᠠᠷᠠᠯ ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠳᠡᠷᠭᠡᠳᠡᠬᠢ ᠵᠠᠯᠠᠭᠤ  ᠫᠠᠷᠯᠠᠮᠸᠨᠲᠴᠢᠳ ᠤᠨ ᠴᠢᠭᠤᠯᠭᠠᠨ ᠳᠤ ᠣᠷᠣᠯᠴᠠᠨ ᠪᠠᠶᠢᠷᠢ ᠰᠠᠭᠤᠷᠢ ᠪᠠᠨ ᠢᠯᠡᠷᠬᠡᠶᠢᠯᠡᠵᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ  ᠶᠢᠨ ᠪᠠᠶᠢᠩᠭᠤ ᠶᠢᠨ ᠬᠣᠷᠢᠶᠠᠨ ᠤ ᠤᠳᠤᠷᠢᠳᠬᠤ ᠵᠥᠪᠯᠡᠯ ᠦᠨ ᠭᠡᠰᠢᠭᠦᠨ ᠳᠦ ᠵᠠᠯᠠᠭᠤ ᠫᠠᠷᠯᠠᠮᠸᠨᠲᠴᠢᠳ  ᠤᠨ ᠲᠥᠯᠥᠭᠡᠯᠡᠯ ᠪᠣᠯᠤᠨ ᠨᠡᠷ᠎ᠡ ᠳᠡᠪᠰᠢᠵᠦ ᠲᠥᠯᠥᠭᠡᠯᠡᠭᠴᠢᠳ ᠦᠨ ᠣᠯᠠᠩᠬᠢ ᠶᠢᠨ ᠰᠠᠨᠠᠯ ᠢ ᠠᠪᠴᠤ ᠰᠣᠩᠭᠣᠭᠳᠠᠵᠠᠢ᠃ ᠤᠳᠤᠷᠢᠳᠬᠤ ᠵᠥᠪᠯᠡᠯ ᠦᠨ ᠭᠡᠰᠢᠭᠦᠨ ᠢᠶᠡᠷ ᠰᠣᠩᠭᠣᠭᠳᠠᠬᠤ ᠨᠢ ᠬᠡᠳᠦ ᠬᠡᠳᠦᠨ ᠳᠠᠪᠠᠭᠤ ᠲᠠᠯ᠎ᠠ ᠲᠠᠢ᠃ ᠲᠤᠬᠠᠶᠢᠯᠠᠪᠠᠯ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ  ᠶᠢᠨ ᠲᠣᠭᠲᠠᠪᠤᠷᠢᠲᠠᠢ ᠬᠥᠭᠵᠢᠯ ᠦᠨ ᠵᠣᠷᠢᠯᠲᠠ ᠶᠢ ᠬᠠᠩᠭᠠᠬᠤ ᠳᠤ ᠴᠢᠭᠯᠡᠭᠳᠡᠭᠰᠡᠨ ᠣᠯᠠᠨ ᠲᠠᠯᠠᠲᠤ ᠦᠢᠯᠡ ᠠᠵᠢᠯᠯᠠᠭ᠎ᠠ ᠶᠢ ᠮᠣᠩᠭᠣᠯ ᠳᠤ ᠵᠣᠬᠢᠶᠠᠨ ᠪᠠᠶᠢᠭᠤᠯᠬᠤ ᠴᠢᠨᠠᠭᠰᠢᠯᠠᠭᠠᠳ ᠨᠡᠶᠢᠭᠡᠮ ᠤᠨ ᠪᠦᠯᠦᠭ ᠪᠦᠷᠢ ᠶᠢᠨ ᠲᠤᠯᠭᠠᠮᠳᠠᠭᠰᠠᠨ ᠠᠰᠠᠭᠤᠳᠠᠯ ᠢ  ᠪᠤᠳᠠᠲᠠᠢ ᠪᠠᠷ ᠬᠠᠷᠠᠵᠤ  ᠳ᠋ᠦᠩᠨᠡᠬᠦ᠂ ᠲᠤᠰ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠬᠤ᠂ ᠣᠯᠠᠨ ᠤᠯᠤᠰ ᠤᠨ ᠲᠦᠪᠰᠢᠨ ᠳᠦ ᠬᠦᠷᠭᠡᠬᠦ ᠳᠦ ᠴᠢᠬᠤᠯᠠ ᠭᠠᠷᠴᠠ ᠨᠡᠭᠡᠭᠡᠭᠳᠡᠬᠦ ᠠᠵᠠᠢ᠃ ᠮᠥᠨ ᠡᠨᠡ ᠦᠶ᠎ᠡ ᠪᠡᠷ ᠤᠯᠤᠰ ᠤᠨ ᠶᠡᠬᠡ ᠬᠤᠷᠠᠯ  ᠤᠨ ᠭᠡᠰᠢᠭᠦᠨ ᠨ∙ᠣᠶᠤᠨᠳᠠᠷᠢ ᠣᠯᠠᠨ ᠤᠯᠤᠰ ᠤᠨ ᠫᠠᠷᠯᠠᠮᠸᠨᠲ ᠤᠨ ᠡᠩᠬᠡ ᠲᠠᠶᠢᠪᠤᠩ᠂  ᠠᠶᠦᠯᠭᠦᠢ ᠪᠠᠶᠢᠳᠠᠯ ᠤᠨ ᠪᠠᠶᠢᠩᠭᠤ ᠶᠢᠨ ᠬᠣᠷᠢᠶᠠᠨ ᠤ ᠤᠳᠤᠷᠢᠳᠬᠤ ᠵᠥᠪᠯᠡᠯ ᠳᠦ ᠰᠣᠩᠭᠣᠭᠳᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ