ᠵ∙ᠨᠠᠷᠠᠨᠲᠤᠩᠭᠠᠯᠠᠭ ᠳᠡᠯᠡᠬᠡᠢ ᠶᠢᠨ ᠠᠪᠤᠷᠭᠤ ᠶᠢᠨ ᠪᠥᠰᠡ ᠶᠢᠨ ᠲᠥᠯᠥᠭᠡ ᠲᠤᠯᠤᠯᠳᠤᠨ᠎ᠠ | News.MN

ᠵ∙ᠨᠠᠷᠠᠨᠲᠤᠩᠭᠠᠯᠠᠭ ᠳᠡᠯᠡᠬᠡᠢ ᠶᠢᠨ ᠠᠪᠤᠷᠭᠤ ᠶᠢᠨ ᠪᠥᠰᠡ ᠶᠢᠨ ᠲᠥᠯᠥᠭᠡ ᠲᠤᠯᠤᠯᠳᠤᠨ᠎ᠠ

ᠬᠣᠯᠢᠮᠠᠭ ᠲᠤᠯᠤᠭᠠᠨ ᠤ One сhampionship ᠂ Legend FC ᠬᠣᠯᠪᠣᠭᠠᠨ ᠤ ᠳᠡᠯᠡᠬᠡᠢ ᠶᠢᠨ ᠠᠪᠤᠷᠭᠤ ᠠᠰᠠᠨ᠂ ᠭᠠᠪᠢᠶᠠᠲᠤ ᠲᠠᠮᠢᠷᠴᠢᠨ ᠵ ∙ᠨᠠᠷᠠᠨᠲᠤᠩᠭᠠᠯᠠᠭ ᠤᠨ ᠳᠠᠷᠠᠭ᠎ᠠ  ᠶᠢᠨ ᠲᠤᠯᠤᠭᠠᠨ ᠤ ᠲᠤᠪ ᠭᠠᠷᠴᠠᠢ᠃ ᠲᠡᠷᠡ ᠪᠡᠷ ᠡᠨᠡ ᠤᠳᠠᠭ᠎ᠠ ᠳᠡᠯᠡᠬᠡᠢ ᠶᠢᠨ ᠠᠪᠤᠷᠭᠤ ᠶᠢᠨ ᠲᠥᠯᠥᠭᠡ ᠸᠢᠶᠧᠲ᠋ᠨᠠᠮ ᠤᠨ ᠲᠠᠮᠢᠷᠴᠢᠨ ᠮᠠᠷᠲ᠋ᠢᠨ ᠨᠤᠧᠨ ᠲᠠᠢ ᠥᠷᠢᠰᠦᠯᠳᠦᠨ᠎ᠡ᠃ ᠲᠤᠯᠤᠭᠠᠨ ᠢᠷᠡᠬᠦ ᠳᠥᠷᠪᠡᠳᠦᠭᠡᠷ ᠰᠠᠷ᠎ᠠ ᠶᠢᠨ 12 ᠍ ᠳᠦ ᠹᠢᠯᠢᠫᠢᠨ ᠤᠯᠤᠰ ᠤᠨ ᠮᠠᠨᠢᠯᠠ ᠬᠤᠲᠠ ᠳᠤ  ᠪᠣᠯᠤᠨ᠎ᠠ᠃ ᠲᠡᠷᠡ ᠪᠡᠷ ᠡᠨᠡ ᠤᠳᠠᠭ᠎ᠠ ᠢᠯᠠᠯᠲᠠ ᠪᠠᠶᠢᠭᠤᠯᠵᠤ ᠴᠢᠳᠠᠪᠠᠯ ᠳᠡᠯᠡᠬᠡᠢ ᠶᠢᠨ ᠠᠪᠤᠷᠭᠤ ᠶᠢᠨ ᠪᠥᠰᠡ ᠪᠡᠨ ᠡᠷᠭᠢᠭᠦᠯᠦᠨ ᠠᠪᠬᠤ ᠪᠣᠯᠤᠮᠵᠢ ᠲᠠᠢ ᠶᠤᠮ᠃
ᠵ∙ᠨᠠᠷᠠᠨᠲᠤᠩᠭᠠᠯᠠᠭ ᠡᠳᠦᠭᠡ 43 ᠨᠠᠰᠤᠲᠠᠢ ᠴᠤ ᠲᠤᠯᠤᠭᠠᠨ ᠤ ᠰᠫᠣᠷᠲ ᠠᠴᠠ ︽ᠬᠠᠷᠢᠬᠤ︾ ᠴᠠᠭ ᠪᠣᠯᠤᠭ᠎ᠠ ᠦᠭᠡᠢ ᠭᠡᠳᠡᠭ ᠢᠶᠡᠨ ᠲᠣᠳᠣ ᠲᠣᠮᠣᠷᠠᠭᠤᠨ ᠬᠠᠷᠠᠭᠤᠯᠵᠤ ᠶᠠᠪᠤᠭ᠎ᠠ ᠲᠠᠮᠢᠷᠴᠢᠨ ᠪᠢᠯᠡ᠃

ᠰᠡᠳᠬᠢᠭᠳᠡᠯ ᠦᠯᠡᠳᠡᠭᠡᠬᠦ