ᠠᠯᠲᠠᠨ ᠤ ᠲᠠᠲᠠᠪᠤᠷᠢ 5 ᠬᠤᠪᠢ ᠪᠣᠯᠤᠭᠰᠠᠨ ᠨᠢ ᠨᠦᠯᠦᠭᠡ ᠪᠠᠭ᠎ᠠ | News.MN

ᠠᠯᠲᠠᠨ ᠤ ᠲᠠᠲᠠᠪᠤᠷᠢ 5 ᠬᠤᠪᠢ ᠪᠣᠯᠤᠭᠰᠠᠨ ᠨᠢ ᠨᠦᠯᠦᠭᠡ ᠪᠠᠭ᠎ᠠ

ᠮᠣᠩᠭᠣᠯ ᠪᠠᠩᠭᠢ ᠶᠢᠨ ᠨᠥᠭᠡᠴᠡ ᠶᠢᠨ ᠤᠳᠤᠷᠢᠳᠤᠯᠭ᠎ᠠ᠂ ᠰᠠᠩᠬᠦᠦ ᠶᠢᠨ ᠵᠠᠬ᠎ᠠ ᠵᠡᠭᠡᠯᠢ ᠶᠢᠨ ᠭᠠᠵᠠᠷ ᠤᠨ ᠵᠠᠬᠢᠷᠤᠯ ᠠ᠊∙ᠡᠩᠬᠡᠵᠢᠨ ᠲᠡᠢ ᠶᠠᠷᠢᠯᠴᠠᠯ᠎ᠠ᠃
– ᠤᠯᠤᠰ ᠤᠨ ᠶᠡᠬᠡ ᠬᠤᠷᠠᠯ ᠢᠶᠡᠷ ᠠᠯᠲᠠᠨ ᠤ  ᠷᠤᠶᠠᠯᠲ ᠲᠠᠲᠠᠪᠤᠷᠢ ᠶᠢ 2.5 ᠪᠠᠶᠢᠭᠰᠠᠨ ᠢ 5 ᠬᠤᠪᠢ ᠪᠣᠯᠭᠠᠬᠤ ᠰᠢᠢᠳᠪᠦᠷᠢ ᠶᠢ ᠭᠠᠷᠭᠠᠯ᠎ᠠ᠃ ᠬᠠᠤᠯᠢ ᠶᠢᠨ ᠡᠨᠡ ᠥᠭᠡᠷᠡᠴᠢᠯᠡᠯᠲᠡ ᠠᠯᠲᠠ ᠬᠤᠳᠠᠯᠳᠤᠨ ᠠᠪᠤᠯᠲᠠ ᠳᠤ ᠬᠡᠷᠬᠢᠨ ᠨᠦᠯᠦᠭᠡᠯᠡᠬᠦ ᠪᠤᠢ ︖
ᠬᠠᠤᠯᠢ ᠳᠥᠷᠪᠡᠳᠦᠭᠡᠷ ᠰᠠᠷ᠎ᠠ ᠶᠢᠨ 8 ᠍ ᠠᠴᠠ ᠬᠡᠷᠡᠭᠵᠢᠵᠦ ᠡᠬᠢᠯᠡᠨ᠎ᠡ᠃ ᠮᠣᠩᠭᠣᠯ  ᠪᠠᠩᠭᠢ  ᠠᠰᠢᠭᠲᠤ ᠮᠠᠯᠲᠠᠮᠠᠯ ᠤᠨ ᠨᠦᠭᠡᠴᠡ ᠠᠰᠢᠭᠯᠠᠭᠰᠠᠨ ᠤ ᠲᠠᠲᠠᠪᠤᠷᠢ ᠶᠢ ᠍2.5 ᠬᠤᠪᠢ ᠬᠡᠪ ᠢᠶᠡᠷ ᠪᠠᠶᠢᠯᠭᠠᠶ᠎ᠠ ᠭᠡᠰᠡᠨ ᠪᠠᠶᠢᠷᠢ ᠰᠠᠭᠤᠷᠢ ᠲᠠᠢ ᠪᠠᠶᠢᠭᠰᠠᠨ᠃ ᠬᠡᠳᠦᠢ ᠪᠡᠷ 5 ᠬᠤᠪᠢ ᠪᠠᠶᠢᠬᠤ ᠪᠠᠷ ᠪᠠᠲᠤᠯᠠᠭᠳᠠᠭᠰᠠᠨ ᠴᠤ ᠬᠤᠳᠠᠯᠳᠤᠨ ᠠᠪᠬᠤ ᠠᠯᠲᠠᠨ ᠤ ᠬᠡᠮᠵᠢᠶᠡᠨ ᠳᠦ ᠨᠥᠯᠥᠭᠡᠯᠡᠬᠦ ᠦᠭᠡᠢ ᠭᠡᠵᠦ ᠪᠣᠳᠣᠵᠤ ᠪᠠᠶᠢᠭ᠎ᠠ᠃ ᠡᠨᠡ ᠣᠨ ᠳᠤ ᠠᠯᠲᠠ ᠬᠤᠳᠠᠯᠳᠤᠨ ᠠᠪᠤᠯᠲᠠ ᠶᠢ 22 ᠲᠣᠨ ᠳᠤ ᠬᠦᠷᠭᠡᠬᠦ ᠶᠢ ᠵᠣᠷᠢᠵᠤ ᠪᠠᠶᠢᠭ᠎ᠠ ᠴᠤ ᠣᠯᠠᠨ ᠨᠥᠬᠥᠴᠡᠯ ᠪᠠᠶᠢᠳᠠᠯ ᠤᠨ ᠤᠯᠠᠮ ᠠᠴᠠ ᠡᠨᠡ ᠵᠤᠷᠢᠯᠲᠠ ᠳᠤ ᠬᠦᠷᠬᠦ ᠳᠦ ᠬᠦᠨᠳᠦᠷᠡᠯᠲᠡᠢ ᠪᠠᠶᠢᠨ᠎ᠠ᠃ ᠳᠥᠷᠪᠡᠳᠦᠭᠡᠷ ᠰᠠᠷ᠎ᠠ ᠶᠢᠨ 1 ᠡᠴᠡ ᠡᠬᠢᠯᠡᠨ ︽ᠡᠬᠡ ᠣᠷᠣᠨ ᠤ ᠪᠠᠨ ᠠᠯᠲᠠ ᠶᠢ ᠡᠷᠳᠡᠨᠢᠰ ᠦᠨ ᠰᠠᠩ ᠳᠤ ᠪᠠᠨ︾ ᠠᠶᠠᠨ ᠢ 6 ᠰᠠᠷ᠎ᠠ ᠶᠢᠨ ᠬᠤᠭᠤᠴᠠᠭ᠎ᠠ ᠲᠠᠢ ᠪᠠᠷ ᠳᠠᠬᠢᠨ ᠬᠡᠷᠡᠭᠵᠢᠭᠦᠯᠬᠦ ᠭᠡᠵᠦ ᠪᠠᠶᠢᠨ᠎ᠠ᠃

– ᠡᠨᠡ ᠣᠨ ᠳᠤ ᠸᠠᠯᠢᠶᠤᠲ ᠤᠨ ᠬᠠᠩᠰᠢ ᠶᠢᠨ ᠲᠥᠯᠥᠪ ᠶᠠᠮᠠᠷ ᠪᠠᠶᠢᠬᠤ ᠪᠤᠢ ︖

ᠡᠨᠡ ᠣᠨ ᠳᠤ ᠲᠥᠯᠥᠪᠦᠷᠢ ᠶᠢᠨ ᠲᠡᠩᠴᠡᠯ 500 ᠣᠷᠴᠢᠮ ᠰᠠᠶ᠎ᠠ ᠳ᠋ᠣᠯᠯᠠᠷ ᠤᠨ ᠠᠰᠢᠭ ᠭᠠᠷᠬᠤ ᠪᠣᠯᠪᠠ ᠤᠤ ᠭᠡᠰᠡᠨ ᠬᠦᠯᠢᠶᠡᠯᠲᠡ ᠲᠡᠢ ᠪᠠᠶᠢᠭ᠎ᠠ᠃ ᠨᠥᠭᠥᠭᠡ ᠲᠠᠯ᠎ᠠ ᠠᠴᠠ ᠮᠠᠨ ᠤ ᠡᠺᠰᠫᠣᠷᠲ ᠤᠨ ᠥᠰᠦᠯᠲᠡ ᠥᠨᠳᠥᠷ ᠬᠡᠪ ᠢᠶᠡᠷ ᠪᠠᠶᠢᠨ᠎ᠠ᠃ ᠬᠣᠶᠠᠳᠤᠭᠠᠷ ᠰᠠᠷ᠎ᠠ ᠶᠢᠨ ᠡᠴᠦᠰ ᠦᠨ ᠪᠠᠶᠢᠳᠠᠯ ᠢᠶᠠᠷ ᠲᠣᠭᠠᠨ ᠦᠵᠡᠭᠦᠯᠦᠯᠲᠡ ᠶᠢ ᠬᠠᠷᠠᠪᠠᠯ ᠡᠺᠰᠫᠣᠷᠲ ᠡᠮᠦᠨᠡᠬᠢ ᠣᠨ ᠤ ᠮᠥᠨ ᠦᠶ᠎ᠡ ᠡᠴᠡ 30 ᠭᠠᠷᠤᠢ ᠬᠤᠪᠢ ᠪᠠᠷ ᠥᠰᠦᠭᠰᠡᠨ ᠪᠠᠶᠢᠨ᠎ᠠ᠃ ᠢᠮᠫᠣᠷᠲ ᠤᠨ ᠥᠰᠦᠯᠲᠡ 15 ᠣᠷᠴᠢᠮ ᠬᠤᠪᠢ ᠲᠠᠢ ᠪᠠᠶᠢᠨ᠎ᠠ᠃ ᠳᠥᠷᠪᠡᠳᠦᠭᠡᠷ ᠰᠠᠷ᠎ᠠ ᠶᠢᠨ 1 ᠍ᠡᠴᠡ ᠬᠡᠷᠡᠭᠵᠢᠭᠦᠯᠵᠦ ᠡᠬᠢᠯᠡᠭᠰᠡᠨ ᠪᠠᠰᠠ ᠨᠢᠭᠡ ᠠᠷᠭ᠎ᠠ ᠬᠡᠮᠵᠢᠶ᠎ᠡ ᠨᠢ ᠬᠡᠷᠡᠭᠯᠡᠭᠡᠨ ᠦ ᠵᠢᠭᠡᠯᠡ ᠶᠢᠨ ᠥᠷᠢ᠂ ᠣᠷᠣᠯᠭ᠎ᠠ ᠶᠢᠨ ᠬᠠᠷᠢᠴᠠᠭ᠎ᠠ ᠶᠢ 60 ᠬᠤᠪᠢ ᠪᠣᠯᠭᠠᠵᠤ ᠪᠠᠭᠤᠷᠠᠭᠤᠯᠤᠭᠰᠠᠨ᠃ ᠡᠨᠡ ᠨᠢ ᠬᠡᠷᠡᠭᠯᠡᠭᠡᠨ ᠦ ᠵᠢᠭᠡᠯᠡ ᠪᠣᠯᠤᠨ ᠢᠮᠫᠣᠷᠲ ᠤᠨ ᠥᠰᠦᠯᠲᠡ ᠶᠢ ᠲᠣᠳᠣᠷᠬᠠᠢ ᠬᠡᠮᠵᠢᠶ᠎ᠡ ᠪᠡᠷ ᠪᠠᠭᠤᠷᠠᠭᠤᠯᠤᠨ᠎ᠠ ᠭᠡᠵᠦ ᠲᠣᠭᠠᠴᠠᠵᠤ ᠪᠠᠶᠢᠭ᠎ᠠ᠃

ᠰᠡᠳᠬᠢᠭᠳᠡᠯ ᠦᠯᠡᠳᠡᠭᠡᠬᠦ