ᠬᠡᠦᠬᠡᠳ ᠦᠨ ᠪᠥᠬᠡ ᠶᠢᠨ ᠪᠠᠷᠢᠯᠳᠤᠭᠠᠨ ᠪᠣᠯᠵᠤ ᠪᠠᠶᠢᠨ᠎ᠠ | News.MN

ᠬᠡᠦᠬᠡᠳ ᠦᠨ ᠪᠥᠬᠡ ᠶᠢᠨ ᠪᠠᠷᠢᠯᠳᠤᠭᠠᠨ ᠪᠣᠯᠵᠤ ᠪᠠᠶᠢᠨ᠎ᠠ

ᠤᠯᠤᠰ ᠤᠨ ᠶᠡᠬᠡ ᠬᠤᠷᠠᠯ  ᠤᠨ ᠭᠡᠰᠢᠭᠦᠨ ᠰ∙ᠪᠢᠮᠪᠠᠴᠣᠭᠲᠤ ᠶᠢᠨ ᠰᠠᠨᠠᠭᠠᠴᠢᠯᠭ᠎ᠠ ᠪᠠᠷ ᠴᠡᠴᠡᠷᠯᠢᠭ ᠦᠨ ᠨᠠᠰᠤᠨ ᠤ ᠬᠡᠦᠬᠡᠳ ᠦᠳ ᠦᠨ ᠳᠤᠮᠳᠠ ᠵᠣᠬᠢᠶᠠᠨ ᠪᠠᠶᠢᠭᠤᠯᠳᠠᠭ ︽ᠪᠣᠰᠤᠭ᠎ᠠ ᠵᠠᠶᠠᠭ᠎ᠠ ᠲᠠᠢ ᠮᠣᠩᠭᠣᠯ︾ ᠦᠨᠳᠦᠰᠦᠨ ᠦ ᠪᠥᠬᠡ ᠶᠢᠨ ᠪᠠᠷᠢᠯᠳᠤᠭᠠᠨ ᠶᠢᠰᠦᠳᠡᠬᠢ ᠵᠢᠯ ᠳᠦ ᠪᠡᠨ ᠬᠣᠪᠳᠣ ᠠᠶᠢᠮᠠᠭ ᠲᠤ ᠪᠣᠯᠵᠤ ᠪᠠᠶᠢᠨ᠎ᠠ ᠃ ᠪᠠᠷᠢᠯᠳᠤᠭᠠᠨ ᠳᠤ ᠵᠢᠷᠭᠠᠯᠠᠩᠲᠤ ᠰᠤᠮᠤ  ᠪᠣᠯᠤᠨ 16 ᠰᠤᠮᠤ ᠶᠢᠨ 30 ᠴᠡᠴᠡᠷᠯᠢᠭ ᠦᠨ 160 ᠣᠷᠴᠢᠮ ᠬᠡᠦᠬᠡᠳ ᠪᠠᠭᠠᠴᠤᠳ ᠣᠷᠣᠯᠴᠠᠵᠤ ᠠᠪᠬᠠᠯᠵᠢ ᠰᠠᠮᠪᠠᠭ᠎ᠠ ᠬᠦᠴᠦ ᠪᠡᠨ ᠰᠣᠷᠢᠵᠤ ᠤᠷᠠᠨ ᠮᠡᠬᠡ ᠪᠡᠨ ᠤᠷᠤᠯᠳᠤᠭᠤᠯᠤᠨ ᠪᠠᠷᠢᠯᠳᠤᠵᠤ ᠪᠠᠶᠢᠭ᠎ᠠ ᠠᠵᠠᠢ ᠃
ᠮᠣᠩᠭᠣᠯ ᠦᠨᠳᠦᠰᠦᠨ ᠦ ᠪᠥᠬᠡ ᠶᠢᠨ ᠳᠢᠭ ᠵᠠᠶ᠋ᠢᠭ᠂ ᠠᠷᠭ᠎ᠠ ᠲᠧᠭᠨᠢᠭ ᠢ ᠪᠠᠭ᠎ᠠ ᠨᠠᠰᠤᠨ ᠠᠴᠠ ᠨᠢ ᠡᠬᠢᠯᠡᠨ ᠬᠡᠦᠬᠡᠳ ᠪᠠᠭᠠᠴᠤᠳ ᠲᠤ ᠲᠠᠨᠢᠵᠤ ᠮᠡᠳᠡᠭᠦᠯᠬᠦ᠂ ᠰᠤᠷᠲᠠᠯᠴᠢᠯᠠᠬᠤ᠂ ᠬᠣᠪᠳᠣ ᠨᠤᠲᠤᠭ ᠠᠴᠠ ᠲᠥᠷᠥᠨ ᠭᠠᠷᠤᠭᠰᠠᠨ ᠤᠯᠤᠰ ᠤᠨ ᠠᠯᠳᠠᠷ ᠴᠣᠯᠠ ᠲᠠᠢ ᠪᠥᠬᠡᠴᠦᠳ ᠦᠨ ᠢᠷᠡᠭᠡᠳᠦᠢ ᠶᠢᠨ ᠵᠠᠯᠭᠠᠮᠵᠢ ᠬᠠᠯᠠᠭ᠎ᠠ ᠶᠢ ᠪᠡᠯᠡᠳᠬᠡᠵᠦ ᠂ ᠢᠷᠡᠭᠡᠳᠦᠢ ᠶᠢᠨ ᠠᠪᠤᠷᠭᠤ ᠨᠤᠭᠤᠳ ᠢ ᠲᠥᠷᠥᠭᠦᠯᠬᠦ᠂ ᠪᠠᠷᠢᠯᠳᠤᠬᠤ ᠳᠤᠷ᠎ᠠ ᠰᠣᠨᠢᠷᠬᠠᠯ ᠲᠠᠢ ᠬᠡᠦᠬᠡᠳ ᠦᠳ ᠢ ᠬᠥᠬᠢᠭᠦᠯᠦᠨ ᠳᠡᠮᠵᠢᠵᠦ᠂ ᠲᠡᠳᠡᠨ ᠦ ᠠᠪᠢᠶᠠᠰ ᠴᠢᠳᠠᠪᠤᠷᠢ ᠶᠢ ᠨᠡᠭᠡᠭᠡᠨ ᠢᠯᠡᠷᠡᠭᠦᠯᠵᠦ ᠬᠥᠭᠵᠢᠭᠦᠯᠬᠦ᠂ ᠡᠷᠡᠭᠦᠯ ᠴᠢᠭᠢᠷᠠᠭ ᠪᠡᠶ᠎ᠡ ᠪᠢᠯᠳᠠᠷ ᠲᠠᠢ ᠢᠷᠭᠡᠨ ᠪᠣᠯᠭᠠᠨ ᠲᠥᠯᠦᠪᠰᠢᠭᠦᠯᠬᠦ ᠵᠣᠷᠢᠯᠭ᠎ᠠ ᠲᠠᠢ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ