ᠲᠣᠮᠣᠬᠠᠨ ᠲᠢᠶᠠᠲ᠋ᠷ᠂ ᠮᠦᠽᠧᠢ ᠪᠠᠷᠢᠬᠤ ᠠᠵᠢᠯ ᠢ ᠡᠬᠢᠯᠡᠭᠦᠯᠦᠨ᠎ᠡ | News.MN

ᠲᠣᠮᠣᠬᠠᠨ ᠲᠢᠶᠠᠲ᠋ᠷ᠂ ᠮᠦᠽᠧᠢ ᠪᠠᠷᠢᠬᠤ ᠠᠵᠢᠯ ᠢ ᠡᠬᠢᠯᠡᠭᠦᠯᠦᠨ᠎ᠡ

ᠪᠤᠯᠪᠠᠰᠤᠷᠠᠯ ᠰᠤᠶᠤᠯ᠍ ᠰᠢᠨᠵᠢᠯᠡᠬᠦ ᠤᠬᠠᠭᠠᠨ ᠰᠫᠤᠷᠲ ᠤᠨ ᠶᠠᠮᠤᠨ ᠤ  ᠰᠠᠶᠢᠳ ᠶᠣ᠊∙ ᠪᠠᠭᠠᠲᠤᠷᠪᠢᠯᠢᠭ᠌ ᠵᠠᠰᠠᠭ ᠤᠨ ᠭᠠᠵᠠᠷ ᠤᠨ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢ ᠲᠠᠨᠢᠯᠴᠠᠭᠤᠯᠤᠯ᠎ᠠ᠃ ᠲᠡᠷᠡ ᠪᠡᠷ ᠄ ᠮᠣᠩᠭᠣᠯ ᠤᠯᠤᠰ ᠴᠢᠩᠭᠢᠰ ᠬᠠᠭᠠᠨ ᠢᠶᠠᠷ ᠢᠶᠠᠨ ᠣᠪᠤᠭᠯᠠᠭᠰᠠᠨ ᠲᠣᠮᠣᠬᠠᠨ ᠳᠤᠷᠠᠰᠬᠠᠯᠲᠤ ᠭᠠᠵᠠᠷ᠂ ᠠᠶᠠᠯᠠᠯ ᠵᠢᠭᠤᠯᠴᠢᠯᠠᠯ ᠢ ᠲᠠᠲᠠᠬᠤ ᠴᠣᠭᠴᠠᠯᠠᠪᠤᠷᠢ ᠪᠠᠷᠢᠬᠤ ᠠᠰᠠᠭᠤᠳᠠᠯ ᠣᠯᠠᠨ ᠵᠢᠯ ᠶᠠᠷᠢᠭᠳᠠᠵᠤ ᠢᠷᠡᠭᠰᠡᠨ᠃  ᠳᠠᠳᠠᠯ ᠰᠤᠮᠤᠨ ᠳᠤ ︽ᠴᠢᠩᠭᠢᠰ ᠬᠠᠭᠠᠨ ᠤ ᠥᠪ ᠰᠤᠶᠤᠯ ᠤᠨ ᠬᠦᠷᠢᠶᠡᠯᠡᠩ︾ ᠪᠠᠶᠢᠭᠤᠯᠬᠤ ᠰᠢᠢᠳᠪᠦᠷᠢ ᠭᠠᠷᠭᠠᠯ᠎ᠠ᠃ ᠡᠨᠡᠬᠦ ᠬᠦᠷᠢᠶᠡᠯᠡᠩ ᠳᠦ ᠣᠯᠠᠨ ᠤᠯᠤᠰ ᠤᠨ ᠬᠡᠮᠵᠢᠶᠡᠨ ᠳᠦ ᠴᠢᠩᠭᠢᠰ ᠬᠠᠭᠠᠨ ᠲᠠᠢ ᠬᠤᠯᠪᠤᠭ᠎ᠠ ᠲᠠᠢ ᠠᠷᠭ᠎ᠠ ᠬᠡᠮᠵᠢᠶ᠎ᠡ ᠵᠣᠬᠢᠶᠠᠬᠤ ᠪᠠᠶᠢᠭᠤᠯᠬᠤ᠂ ᠴᠢᠩᠭᠢᠰ ᠬᠠᠭᠠᠨ ᠰᠤᠳᠤᠯᠤᠯ᠂ ᠡᠷᠳᠡᠮ ᠰᠢᠨᠵᠢᠯᠡᠭᠡᠨ ᠦ ᠣᠯᠠᠨ ᠬᠤᠷᠠᠯ ᠴᠤᠭᠯᠠᠭᠠᠨ ᠵᠣᠬᠢᠶᠠᠨ ᠪᠠᠶᠢᠭᠤᠯᠤᠭᠳᠠᠨ᠎ᠠ ᠭᠡᠯ᠎ᠡ᠃
ᠮᠥᠨ ᠦᠨᠳᠦᠰᠦᠨ ᠦ ᠬᠡᠮᠵᠢᠶᠡᠨ ᠦ ᠲᠣᠮᠣᠬᠠᠨ ᠮᠦᠽᠧᠢ ᠲᠡᠢ ᠪᠣᠯᠬᠤ ᠶᠠᠭᠠᠷᠠᠯᠲᠠᠢ ᠰᠢᠢᠳᠪᠦᠷᠢ ᠭᠠᠷᠭᠠᠭᠰᠠᠨ ᠪᠠᠶᠢᠨ᠎ᠠ᠃ ᠡᠨᠡ ᠠᠰᠠᠭᠤᠳᠠᠯ ᠳᠤ ᠶᠡᠷᠦᠩᠬᠡᠢ ᠰᠠᠶᠢᠳ ᠤᠨ ᠵᠠᠬᠢᠷᠤᠮᠵᠢ ᠭᠠᠷᠤᠭᠰᠠᠨ ᠪᠠᠶᠢᠨ᠎ᠠ᠃ ᠭᠠᠵᠠᠷ ᠤᠨ ᠠᠰᠠᠭᠤᠳᠠᠯ ᠵᠢᠷᠤᠭ ᠲᠥᠰᠥᠪ ᠬᠥᠷᠥᠩᠭᠡ ᠣᠷᠣᠭᠤᠯᠤᠯᠲᠠ ᠶᠢ ᠰᠤᠳᠤᠯᠤᠭᠠᠳ ᠣᠶᠢᠷ᠎ᠠ ᠶᠢᠨ ᠬᠤᠭᠤᠴᠠᠭᠠᠨ ᠳᠤ ᠵᠠᠰᠠᠭ ᠤᠨ ᠬᠤᠷᠠᠯᠳᠤᠭᠠᠨ ᠢᠶᠠᠷ ᠣᠷᠣᠭᠤᠯᠵᠤ ᠰᠢᠢᠳᠪᠦᠷᠢ ᠭᠠᠷᠭᠠᠨ᠎ᠠ ᠭᠡᠪᠡ ᠃

ᠰᠡᠳᠬᠢᠭᠳᠡᠯ ᠦᠯᠡᠳᠡᠭᠡᠬᠦ