ᠣᠷᠣᠨ ᠲᠣᠭᠠᠨ ᠤ ᠪᠤᠰᠤ ᠪᠣᠳᠣᠯᠭ᠎ᠠ ᠶᠢᠨ ᠵᠥᠪᠯᠡᠯ ᠪᠠᠶᠢᠭᠤᠯᠪᠠ | News.MN

ᠣᠷᠣᠨ ᠲᠣᠭᠠᠨ ᠤ ᠪᠤᠰᠤ ᠪᠣᠳᠣᠯᠭ᠎ᠠ ᠶᠢᠨ ᠵᠥᠪᠯᠡᠯ ᠪᠠᠶᠢᠭᠤᠯᠪᠠ

ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ 2019 ᠣᠨ ᠤ 04 ᠳ᠋ᠤᠭᠡᠷ ᠰᠠᠷ᠎ᠠ ᠶᠢᠨ 04 ᠍ ᠦ ᠡᠳᠦᠷ ᠦᠶ᠎ᠡ ᠦᠶ᠎ᠡ ᠶᠢᠨ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠨᠠᠷ᠂  ᠰᠢᠨᠵᠢᠯᠡᠬᠦ ᠤᠬᠠᠭᠠᠨ ᠤ ᠠᠺᠠᠳ᠋ᠸᠮᠢ ᠪᠣᠯᠤᠨ ᠮᠣᠩᠭᠣᠯ ᠤᠯᠤᠰ ᠤᠨ ᠶᠡᠬᠡ ᠰᠤᠷᠭᠠᠭᠤᠯᠢ᠂ ᠤᠳᠤᠷᠢᠳᠤᠯᠭ᠎ᠠ ᠶᠢᠨ ᠠᠺᠠᠳᠧᠮᠢ ᠶᠢᠨ ᠡᠷᠳᠡᠮᠲᠡᠳ᠂ ᠵᠠᠯᠠᠭᠤ ᠬᠠᠤᠯᠢᠴᠢᠳ᠂ ᠰᠤᠳᠤᠯᠤᠭᠠᠴᠢᠳ ᠢ ᠬᠦᠯᠢᠶᠡᠨ ᠠᠪᠴᠤ ᠠᠭᠤᠯᠵᠠᠭᠰᠠᠨ ᠶᠤᠮ᠃ ᠤᠯᠤᠰ ᠤᠨ ᠶᠡᠬᠡ ᠬᠤᠷᠠᠯ ᠤᠨ ᠦᠢᠯᠡ ᠠᠵᠢᠯᠯᠠᠭᠠᠨ ᠤ ᠵᠠᠯᠭᠠᠮᠵᠢ ᠴᠢᠨᠠᠷ ᠢ ᠬᠠᠩᠭᠠᠬᠤ᠂ ᠬᠠᠤᠯᠢ ᠲᠣᠭᠲᠠᠭᠠᠬᠤ ᠪᠣᠯᠤᠨ ᠬᠢᠨᠠᠨ ᠰᠢᠯᠭᠠᠬᠤ ᠴᠢᠭᠯᠡᠯ ᠢᠶᠡᠷ ᠭᠡᠰᠢᠭᠦᠳ ᠲᠦ ᠠᠷᠭ᠎ᠠ ᠵᠦᠢ᠂ ᠮᠡᠳᠡᠭᠡᠯᠡᠯ ᠦᠨ ᠳᠡᠮᠵᠢᠯᠭᠡ ᠦᠵᠡᠭᠦᠯᠬᠦ᠂ ᠰᠤᠳᠤᠯᠭ᠎ᠠ ᠰᠢᠨᠵᠢᠯᠡᠭᠡᠨ ᠦ ᠲᠥᠪ  ᠪᠠᠶᠢᠭᠤᠯᠵᠤ᠂ ᠪᠡᠬᠢᠵᠢᠭᠦᠯᠬᠦ ᠳᠦ ᠵᠥᠪᠯᠡᠭᠡ ᠥᠭᠬᠦ᠂ ᠬᠠᠮᠲᠤᠷᠠᠨ ᠠᠵᠢᠯᠯᠠᠬᠤ ᠴᠢᠭ ᠡᠭᠦᠷᠭᠡ ᠲᠡᠢ ᠣᠷᠣᠨ ᠲᠣᠭᠠᠨ ᠤ ᠪᠤᠰᠤ ᠪᠣᠳᠣᠯᠭ᠎ᠠ ᠶᠢᠨ ᠵᠥᠪᠯᠡᠯ ᠪᠠᠶᠢᠭᠤᠯᠬᠤ ᠨᠢ ᠵᠦᠢᠲᠡᠢ ᠬᠡᠮᠡᠨ ᠦᠵᠡᠵᠦ ᠪᠤᠢ  ᠪᠠᠨ ᠤᠯᠤᠰ ᠤᠨ ᠶᠡᠬᠡ ᠬᠤᠷᠠᠯ ᠤᠨ ᠳᠠᠷᠤᠭ᠎ᠠ ᠡᠨᠡ ᠦᠶ᠎ᠡ ᠪᠡᠷ ᠢᠯᠡᠷᠬᠡᠶᠢᠯᠡᠵᠦ ᠪᠠᠶᠢᠪᠠ᠃
ᠡᠨᠡ ᠦᠨᠳᠦᠰᠦᠨ ᠳᠡᠭᠡᠷ᠎ᠡ ᠤᠯᠤᠰ ᠤᠨ ᠶᠡᠬᠡ ᠬᠤᠷᠠᠯ ᠤᠨ ᠵᠠᠯᠭᠠᠮᠵᠢ ᠴᠢᠨᠠᠷ᠂ ᠫᠠᠷᠯᠠᠮᠧᠨᠲ ᠤᠨ ᠵᠠᠰᠠᠭᠯᠠᠯ ᠤᠨ ᠴᠢᠳᠠᠪᠬᠢ ᠶᠢ ᠢᠳᠡᠪᠬᠢᠵᠢᠭᠦᠯᠬᠦ ᠳᠦ ᠳᠡᠮᠵᠢᠯᠭᠡ ᠦᠵᠡᠭᠦᠯᠬᠦ ᠴᠢᠭ ᠡᠭᠦᠷᠭᠡ ᠲᠡᠢ ᠪᠣᠳᠣᠯᠭ᠎ᠠ ᠶᠢᠨ ᠵᠥᠪᠯᠡᠯ ᠪᠠᠶᠢᠭᠤᠯᠵᠠᠢ᠃  ᠦᠶ᠎ᠡ ᠦᠶ᠎ᠡ ᠶᠢᠨ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠨᠠᠷ᠂ ᠰᠢᠨᠵᠢᠯᠡᠬᠦ ᠤᠬᠠᠭᠠᠨ ᠤ ᠠᠺᠠᠳ᠋ᠸᠮᠢ ᠂ ᠮᠣᠩᠭᠣᠯ ᠤᠯᠤᠰ ᠤᠨ ᠶᠡᠬᠡ ᠰᠤᠷᠭᠠᠭᠤᠯᠢ᠂ ᠤᠳᠤᠷᠢᠳᠤᠯᠭ᠎ᠠ ᠶᠢᠨ ᠠᠺᠠᠳᠧᠮᠢ᠂ ᠠᠮᠧᠷᠢᠺᠠ ᠂ ᠶᠡᠬᠡ ᠪᠷᠢᠲ᠋ᠠᠨᠢ᠂ ᠣᠷᠣᠰ ᠂ ᠶᠠᠫᠣᠨ᠂ ᠹᠷᠠᠨᠼᠢ᠂ ᠭᠧᠷᠮᠠᠨ ᠵᠡᠷᠭᠡ ᠤᠯᠤᠰ ᠲᠤ ᠬᠠᠤᠯᠢ ᠶᠢᠨ ᠴᠢᠭᠯᠡᠯ ᠢᠶᠡᠷ ᠳ᠋ᠣᠺᠲ᠋ᠣᠷ᠂ ᠮᠠᠭᠢᠰᠲ᠋ᠷ ᠤᠨ ᠵᠡᠷᠭᠡ ᠬᠠᠮᠠᠭᠠᠯᠠᠭᠰᠠᠨ᠂ ᠣᠯᠠᠨ ᠤᠯᠤᠰ ᠤᠨ ᠲᠤᠷᠰᠢᠯᠭ᠎ᠠ ᠰᠤᠳᠤᠯᠤᠭᠰᠠᠨ ᠭᠤᠷᠪᠠᠨ ᠦᠶ᠎ᠡ ᠶᠢᠨ ᠡᠷᠳᠡᠮᠲᠡᠨ᠂ ᠰᠤᠳᠤᠯᠤᠭᠠᠴᠢ᠂  ᠫᠷᠣᠹᠧᠰᠰᠣᠷ ᠤᠳ ᠤᠨ ᠲᠥᠯᠥᠭᠡᠯᠡᠯ ᠢ ᠪᠣᠳᠣᠯᠭ᠎ᠠ ᠶᠢᠨ ᠵᠥᠪᠯᠡᠯ ᠳᠦ ᠬᠠᠮᠤᠷᠤᠭᠤᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ