ᠨᠥᠭᠡᠴᠡ ᠶᠢᠨ ᠮᠢᠬ᠎ᠠ ᠬᠤᠳᠠᠯᠳᠤᠭᠠᠯᠠᠨ᠎ᠠ | News.MN

ᠨᠥᠭᠡᠴᠡ ᠶᠢᠨ ᠮᠢᠬ᠎ᠠ ᠬᠤᠳᠠᠯᠳᠤᠭᠠᠯᠠᠨ᠎ᠠ

ᠮᠢᠬᠠᠨ ᠤ ᠦᠨ᠎ᠡ ᠶᠢ ᠲᠣᠭᠲᠠᠪᠤᠷᠢᠵᠢᠭᠤᠯᠬᠤ ᠵᠣᠷᠢᠯᠭ᠎ᠠ ᠪᠠᠷ ᠬᠠᠪᠤᠷ ᠤᠨ ᠤᠯᠠᠷᠢᠯ ᠳᠤ ᠨᠥᠭᠡᠴᠡ ᠶᠢᠨ ᠮᠢᠬ᠎ᠠ ᠬᠤᠳᠠᠯᠳᠤᠭᠠᠨ ᠳᠤ ᠭᠠᠷᠭᠠᠳᠠᠭ᠃ ᠡᠨᠡ ᠣᠨ ᠳᠤ 4000 ᠭᠠᠷᠤᠢ ᠲᠣᠨ ᠮᠢᠬ᠎ᠠ ᠪᠡᠯᠡᠳᠬᠡᠵᠦ᠂ 4.15 ᠠᠴᠠ ᠡᠬᠢᠯᠡᠨ ᠪᠣᠷᠣᠯᠠᠭᠤᠯᠬᠤ ᠶᠤᠮ ᠪᠠᠶᠢᠨ᠎ᠠ᠃ ᠮᠢᠬᠠᠨ ᠤ ᠵᠢᠵᠢᠭᠯᠡᠩ ᠦᠨ ᠦᠨ᠎ᠡ ᠦᠬᠡᠷ ᠦᠨ ᠬᠢ ᠨᠢᠭᠡ ᠺᠢᠯᠦᠭᠷᠡᠮ ᠨᠢ 7200᠂ ᠬᠣᠨᠢᠨ ᠤ ᠬᠢ 6000᠂ ᠢᠮᠠᠭᠠᠨ ᠤ ᠬᠢ 5500 ᠲᠥᠭᠥᠷᠢᠭ ᠪᠠᠶᠢᠬᠤ ᠠᠵᠠᠢ᠃ ᠠᠯᠪᠠᠨ ᠶᠣᠰᠣᠨ ᠤ ᠨᠥᠭᠡᠴᠡ ᠶᠢᠨ ᠮᠢᠬ᠎ᠠ ᠶᠢ 2-3 ᠺᠢᠯᠦᠭᠷᠡᠮ  ᠢᠶᠠᠷ ᠰᠠᠪᠠᠯᠠᠵᠤ᠂  ︽ᠮᠢᠬ᠎ᠠ ᠰᠦᠨ ᠦ ᠠᠩᠬᠠᠳᠤᠭᠠᠷ ᠠᠶᠠᠨ ︾  ᠭᠡᠰᠡᠨ ᠱᠤᠱᠢᠭ᠎ᠠ ᠨᠠᠭᠠᠬᠤ ᠶᠤᠮ ᠪᠠᠶᠢᠨ᠎ᠠ᠃
ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ  ᠶᠠᠮᠤᠨ ᠡᠨᠡ ᠵᠢᠯ ᠦᠨ ᠨᠡᠶᠢᠰᠯᠡᠯᠴᠦᠳ ᠦᠨ ᠬᠦᠨᠡᠰᠦᠨ ᠦ ᠬᠡᠷᠡᠭᠴᠡᠭᠡ ᠶᠢ ᠬᠠᠩᠭᠠᠬᠤ ᠵᠣᠷᠢᠯᠭ᠎ᠠ ᠪᠠᠷ 12 ᠮᠢᠩᠭᠠᠨ ᠲᠣᠨ ᠮᠢᠬ᠎ᠠ ᠨᠥᠭᠡᠴᠡᠯᠡᠬᠦ ᠪᠡᠷ ᠲᠥᠯᠥᠪᠯᠡᠵᠦ᠂ ᠬᠥᠩᠭᠡᠯᠡᠯᠲᠡ ᠲᠡᠢ ᠵᠢᠭᠡᠯᠡ ᠳᠦ 4.6 ᠲᠡᠷᠪᠤᠮ ᠲᠥᠭᠥᠷᠢᠭ ᠲᠥᠰᠥᠪᠯᠡᠭᠰᠡᠨ᠃ ᠭᠡᠪᠡᠴᠦ ᠠᠵᠤ ᠠᠬᠤᠢ ᠶᠢᠨ ᠨᠢᠭᠡᠴᠡ ᠨᠦᠭᠦᠳ ᠢᠳᠡᠪᠬᠢᠲᠡᠢ ᠣᠷᠣᠯᠴᠠᠭ᠎ᠠ ᠦᠭᠡᠢ ᠪᠥᠭᠡᠳ ᠮᠢᠬ᠎ᠠ ᠪᠡᠯᠡᠳᠬᠡᠬᠦ ᠭᠤᠷᠪᠠᠬᠠᠨ ᠠᠵᠤ ᠠᠬᠤᠢ ᠶᠢᠨ ᠨᠢᠭᠡᠴᠡ ᠣᠷᠣᠯᠴᠠᠵᠤ᠂ 4000 ᠲᠣᠨ ᠮᠢᠬ᠎ᠠ ᠯᠠ ᠪᠡᠯᠡᠳᠬᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ