ᠳᠠᠯᠠᠢ ᠳᠤ ᠭᠠᠷᠴᠠ ᠦᠭᠡᠢ ᠤᠯᠤᠰ ᠤᠳ ᠨᠢᠭᠡᠳᠦᠨ᠎ᠡ | News.MN

ᠳᠠᠯᠠᠢ ᠳᠤ ᠭᠠᠷᠴᠠ ᠦᠭᠡᠢ ᠤᠯᠤᠰ ᠤᠳ ᠨᠢᠭᠡᠳᠦᠨ᠎ᠡ

ᠮᠣᠩᠭᠣᠯ ᠤᠯᠤᠰ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠠᠰᠠᠭᠤᠳᠠᠯ ᠢᠶᠠᠷ ᠣᠯᠠᠨ ᠤᠯᠤᠰ ᠤᠨ ᠲᠠᠪᠴᠠᠩ ᠳᠤ ᠢᠳᠡᠪᠬᠢ ᠲᠡᠢ ᠦᠢᠯᠡ ᠠᠵᠢᠯᠯᠠᠭ᠎ᠠ ᠶᠠᠪᠤᠭᠤᠯᠵᠤ᠂ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠤᠯᠠᠭᠠᠨᠪᠠᠭᠠᠲᠤᠷ ᠬᠤᠲᠠ ᠳᠤ ᠪᠠᠶᠢᠭᠤᠯᠬᠤ ᠰᠠᠨᠠᠭᠠᠴᠢᠯᠭ᠎ᠠ ᠶᠢ ᠠᠩᠬ᠎ᠠ 2006 ᠣᠨ ᠳᠤ ᠭᠠᠷᠭᠠᠭᠰᠠᠨ᠃ ᠢᠩᠭᠢᠭᠡᠳ ︽ᠳᠠᠯᠠᠢ ᠳᠤ ᠭᠠᠷᠴᠠ ᠦᠭᠡᠢ ᠬᠥᠭᠵᠢᠵᠦ ᠪᠠᠶᠢᠭ᠎ᠠ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠪᠠᠶᠢᠭᠤᠯᠬᠤ ᠲᠤᠬᠠᠢ ᠣᠯᠠᠨ ᠲᠠᠯᠠᠲᠤ ᠬᠡᠯᠡᠯᠴᠡᠭᠡᠷ︾ ᠦᠨ ᠲᠥᠰᠥᠯ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠲᠠᠢ ᠬᠠᠮᠲᠤᠷᠠᠨ ᠪᠣᠯᠪᠠᠰᠤᠷᠠᠭᠤᠯᠵᠤ᠂ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠰᠠᠶᠢᠳ ᠨᠠᠷ ᠤᠨ ᠬᠤᠷᠠᠯ ᠢᠶᠠᠷ ᠪᠠᠲᠤᠯᠠᠭᠤᠯᠤᠭᠰᠠᠨ ᠶᠤᠮ᠃
ᠤᠭ ᠣᠯᠠᠨ ᠲᠠᠯᠠᠲᠤ ᠬᠡᠯᠡᠯᠴᠡᠭᠡᠷ ᠢᠶᠡᠷ ᠬᠦᠯᠢᠶᠡᠭᠰᠡᠨ ᠡᠭᠦᠷᠭᠡ ᠶᠢᠨ ᠢᠶᠡᠨ ᠬᠦᠷᠢᠶᠡᠨ ᠳᠦ ᠤᠯᠠᠭᠠᠨᠪᠠᠭᠠᠲᠤᠷ ᠬᠤᠲᠠ ᠳᠤ 2019 ᠣᠨ ᠤ 04 ᠳ᠋ᠤᠭᠡᠷ ᠰᠠᠷ᠎ᠠ ᠶᠢᠨ 12 ᠍ ᠤ ᠡᠳᠦᠷ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠬᠣᠭᠣᠷᠣᠨᠳᠣ ᠶᠢᠨ ᠬᠦᠯᠢᠶᠡᠨ ᠠᠪᠤᠭᠴᠢ ᠤᠯᠤᠰ ᠤᠨ ᠬᠡᠯᠡᠯᠴᠡᠭᠡᠷ ᠲᠤ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ᠂ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠦᠨ ᠭᠦᠢᠴᠡᠳᠭᠡᠬᠦ ᠵᠠᠬᠢᠷᠤᠯ ᠡ᠊∙ᠤᠳᠤᠪᠠᠶᠠᠷ ᠭᠠᠷ ᠤᠨ ᠦᠰᠦᠭ ᠵᠢᠷᠤᠪᠠ᠃ ᠡᠨᠡᠬᠦ ᠬᠡᠯᠡᠯᠴᠡᠭᠡᠷ ᠢᠶᠡᠷ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠦᠨ ᠭᠦᠢᠴᠡᠳᠭᠡᠬᠦ ᠡᠭᠦᠷᠭᠡ᠂ ᠮᠥᠨ ᠲᠤᠰ ᠲᠥᠪ ᠦᠨ ᠦᠢᠯᠡ ᠠᠵᠢᠯᠯᠠᠭ᠎ᠠ ᠶᠢ ᠰᠠᠭᠠᠳ ᠦᠭᠡᠢ᠂ ᠲᠦᠷᠭᠡᠨ ᠰᠢᠭᠤᠷᠬᠠᠢ ᠬᠡᠷᠡᠭᠵᠢᠭᠦᠯᠬᠦ ᠳᠦ ᠵᠣᠷᠢᠭᠤᠯᠤᠨ ᠣᠯᠭᠣᠬᠤ ᠡᠷᠬᠡ ᠶᠠᠩᠪᠠ᠂ ᠳᠠᠷᠬᠠᠨ ᠡᠷᠬᠡ ᠶᠢᠨ ᠠᠰᠠᠭᠤᠳᠠᠯ ᠢ ᠵᠣᠬᠢᠴᠠᠭᠤᠯᠤᠨ᠎ᠠ ᠭᠡᠵᠦ  ᠭᠠᠳᠠᠭᠠᠳᠤ  ᠬᠠᠷᠢᠯᠴᠠᠭᠠᠨ ᠤ  ᠶᠠᠮᠤᠨ ᠠᠴᠠ ᠮᠡᠳᠡᠭᠡᠯᠡᠯ᠎ᠡ ᠃

ᠰᠡᠳᠬᠢᠭᠳᠡᠯ ᠦᠯᠡᠳᠡᠭᠡᠬᠦ