ᠠᠮᠧᠷᠢᠺᠠ  ᠲᠠᠢ ᠬᠠᠮᠲᠤᠷᠠᠭᠰᠠᠨ ᠰᠤᠷᠭᠠᠯᠲᠠ ᠬᠢᠪᠡ | News.MN

ᠠᠮᠧᠷᠢᠺᠠ  ᠲᠠᠢ ᠬᠠᠮᠲᠤᠷᠠᠭᠰᠠᠨ ᠰᠤᠷᠭᠠᠯᠲᠠ ᠬᠢᠪᠡ

ᠮᠣᠩᠭᠣᠯ ᠤᠯᠤᠰ ᠲᠤ ᠠᠩᠬ᠎ᠠ ᠤᠳᠠᠭ᠎ᠠ ᠠᠮᠧᠷᠢᠺᠠ ᠶᠢᠨ ᠬᠠᠷ᠎ᠠ ᠲᠠᠮᠠᠬᠢ ᠲᠠᠢ ᠲᠡᠮᠡᠴᠡᠬᠦ ᠠᠯᠪᠠᠨ ᠤ ᠭᠠᠳᠠᠭᠠᠳᠤ ᠰᠤᠷᠭᠠᠯᠲᠠ ᠶᠢᠨ ᠬᠡᠯᠲᠡᠰ ᠦᠨ ᠰᠤᠷᠭᠠᠭᠴᠢ ᠪᠠᠭᠰᠢ ᠨᠠᠷ ᠴᠠᠭᠳᠠᠭ᠎ᠠ ᠶᠢᠨ ᠶᠡᠷᠦᠩᠬᠡᠢ ᠭᠠᠵᠠᠷ ᠤᠨ ᠬᠠᠷ᠎ᠠ ᠲᠠᠮᠠᠬᠢ ᠲᠠᠢ ᠲᠡᠮᠡᠴᠡᠬᠦ ᠭᠠᠵᠠᠷ᠂ ᠨᠤᠲᠤᠭ ᠳᠡᠪᠢᠰᠬᠡᠷ ᠬᠠᠷᠢᠭᠤᠴᠠᠭᠰᠠᠨ ᠨᠢᠭᠡᠴᠡ ᠶᠢᠨ ᠤᠳᠤᠷᠢᠳᠬᠤ ᠠᠯᠪᠠ ᠬᠠᠭᠠᠭᠴᠢ ᠨᠠᠷ ᠪᠣᠯᠤᠨ ᠫᠷᠣᠺᠦ᠋ᠷᠣᠷ ᠤᠨ ᠪᠠᠶᠢᠭᠤᠯᠤᠯᠭ᠎ᠠ ᠶᠢᠨ ᠠᠵᠢᠯᠲᠠᠨ ᠨᠤᠭᠤᠳ ᠲᠤ ᠬᠢᠴᠢᠶᠡᠯ ᠰᠤᠷᠭᠠᠯᠲᠠ ᠵᠣᠬᠢᠶᠠᠨ ᠪᠠᠶᠢᠭᠤᠯᠤᠭᠰᠠᠨ ᠶᠤᠮ᠃ ᠰᠡᠭᠦᠯ ᠦᠨ ᠵᠢᠯ ᠦᠳ ᠲᠦ ᠮᠠᠨ ᠤ ᠤᠯᠤᠰ ᠲᠤ ᠬᠠᠷ᠎ᠠ ᠲᠠᠮᠠᠬᠢ ᠲᠠᠢ ᠬᠣᠯᠪᠣᠭ᠎ᠠ ᠲᠠᠢ ᠭᠡᠮᠲᠦ ᠬᠡᠷᠡᠭ ᠨᠡᠮᠡᠭᠳᠡᠵᠦ ᠂ ᠬᠡᠷᠡᠭᠯᠡᠭᠴᠢ ᠶᠢᠨ ᠲᠤᠭ᠎ᠠ ᠤᠯᠠᠮ ᠪᠦᠷ ᠨᠡᠮᠡᠭᠳᠡᠵᠦ ᠪᠠᠶᠢᠭ᠎ᠠ ᠲᠤᠯᠠ ᠠᠯᠪᠠ ᠬᠠᠭᠠᠭᠴᠢᠳ ᠢ ᠮᠡᠷᠭᠡᠰᠢᠭᠦᠯᠬᠦ ᠵᠠᠶᠢᠯᠠᠰᠢ ᠦᠭᠡᠢ ᠬᠡᠷᠡᠭᠴᠡᠭᠡ ᠱᠠᠭᠠᠷᠳᠠᠯᠭ᠎ᠠ ᠳᠡᠭᠡᠷ᠎ᠡ ᠲᠤᠯᠭᠠᠭᠤᠷᠢᠯᠠᠨ ᠬᠢᠭᠰᠡᠨ ᠡᠨᠡᠬᠦ ᠰᠤᠷᠭᠠᠯᠲᠠ ᠦᠷ᠎ᠡ ᠳ᠋ᠦᠩ ᠲᠡᠢ ᠪᠠᠶᠢᠪᠠ᠃
ᠰᠤᠷᠭᠠᠯᠲᠠ ᠳᠤ ᠬᠠᠮᠤᠷᠤᠭᠳᠠᠭᠰᠠᠨ ᠠᠯᠪᠠ ᠬᠠᠭᠠᠭᠴᠢ ᠨᠠᠷ ᠲᠤ ᠭᠡᠷᠡᠴᠢᠯᠡᠭᠡ ᠭᠠᠷᠳᠠᠭᠤᠯᠬᠤ ᠶᠣᠰᠣᠯᠠᠯ ᠤᠨ ᠦᠢᠯᠡ ᠠᠵᠢᠯᠯᠠᠭᠠᠨ ᠳᠤ ᠴᠠᠭᠳᠠᠭ᠎ᠠ ᠶᠢᠨ ᠶᠡᠷᠦᠩᠬᠡᠢ ᠭᠠᠵᠠᠷ ᠤᠨ ᠵᠠᠬᠢᠷᠭᠠᠨ ᠤ ᠤᠳᠤᠷᠢᠳᠤᠯᠭ᠎ᠠ ᠶᠢᠨ ᠭᠠᠵᠠᠷ᠂ ᠬᠠᠷ᠎ᠠ ᠲᠠᠮᠠᠬᠢ ᠲᠠᠢ ᠲᠡᠮᠡᠴᠡᠬᠦ ᠭᠠᠵᠠᠷ ᠤᠨ  ᠬᠢᠨ ᠂ ᠠᠮᠧᠷᠢᠺᠠ ᠶᠢᠨ ᠬᠠᠷ᠎ᠠ ᠲᠠᠮᠠᠬᠢ ᠲᠠᠢ ᠲᠡᠮᠡᠴᠡᠬᠦ ᠠᠯᠪᠠᠨ ᠤ ᠠᠯᠪᠠ ᠬᠠᠭᠠᠭᠴᠢᠳ ᠣᠷᠣᠯᠴᠠᠭᠰᠠᠨ ᠶᠤᠮ᠃
ᠮᠣᠩᠭᠣᠯ ᠤᠯᠤᠰ ᠤᠨ ᠴᠠᠭᠳᠠᠭ᠎ᠠ ᠶᠢᠨ ᠪᠠᠶᠢᠭᠤᠯᠤᠯᠭ᠎ᠠ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠬᠠᠷ᠎ᠠ ᠲᠠᠮᠠᠬᠢ ᠲᠠᠢ ᠲᠡᠮᠡᠴᠡᠬᠦ ᠠᠯᠪᠠ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠡᠨᠡᠬᠦ ᠰᠤᠷᠭᠠᠯᠲᠠ ᠶᠢ ᠠᠩᠬ᠎ᠠ ᠤᠳᠠᠭ᠎ᠠ ᠵᠣᠬᠢᠶᠠᠨ ᠪᠠᠶᠢᠭᠤᠯᠵᠤ ᠪᠠᠶᠢᠭ᠎ᠠ ᠪᠥᠭᠡᠳ ᠴᠢᠨᠠᠭᠰᠢᠳᠠ  ᠶᠢᠨ ᠬᠠᠮᠲᠤ ᠶᠢᠨ ᠠᠵᠢᠯᠯᠠᠭᠠᠨ ᠤ ᠡᠬᠢᠯᠡᠯ ᠶᠤᠮ᠃

ᠰᠡᠳᠬᠢᠭᠳᠡᠯ ᠦᠯᠡᠳᠡᠭᠡᠬᠦ