ᠰᠤᠷᠤᠭᠴᠢᠳ  ᠤᠨ ᠨᠠᠶᠢᠷᠠᠯ ᠳᠠᠭᠤᠨ ᠤ ᠨᠠᠭᠠᠳᠤᠮ  ᠪᠤᠯᠪᠠ | News.MN

ᠰᠤᠷᠤᠭᠴᠢᠳ  ᠤᠨ ᠨᠠᠶᠢᠷᠠᠯ ᠳᠠᠭᠤᠨ ᠤ ᠨᠠᠭᠠᠳᠤᠮ  ᠪᠤᠯᠪᠠ

ᠬᠥᠪᠰᠥᠭᠥᠯ ᠠᠶᠢᠮᠠᠭ ᠤᠨ ᠪᠣᠯᠪᠠᠰᠤᠷᠠᠯ ᠰᠤᠶᠤᠯ ᠤᠷᠠᠯᠢᠭ ᠤᠨ ᠭᠠᠵᠠᠷ ︽ᠳᠡᠯᠡᠬᠡᠢ ᠶᠢᠨ ᠵᠥᠩ︾ ᠣᠷᠣᠨ ᠨᠤᠲᠤᠭ ᠤᠨ ᠬᠥᠭᠵᠢᠯ ᠦᠨ ᠬᠥᠲᠥᠯᠪᠦᠷᠢ ᠲᠡᠢ ᠬᠠᠮᠲᠤᠷᠠᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠤᠨ ᠳᠠᠭᠤᠤ ᠬᠥᠭᠵᠢᠮ ᠦᠨ ᠬᠢᠴᠢᠶᠡᠯ ᠦᠨ ᠰᠤᠷᠭᠠᠯᠲᠠ ᠶᠢ ᠴᠢᠨᠠᠷᠵᠢᠭᠤᠯᠵᠤ᠂ ᠥᠰᠪᠦᠷᠢ ᠦᠶ᠎ᠡ ᠶᠢᠨ ᠬᠢᠨ ᠳᠦ ᠤᠷᠠᠨ ᠰᠠᠶᠢᠬᠠᠨ ᠤ ᠪᠣᠯᠪᠠᠰᠤᠷᠠᠯ ᠣᠯᠭᠤᠨ᠂ ᠭᠣᠸ᠎ᠠ ᠵᠦᠢ ᠶᠢᠨ ᠬᠦᠮᠦᠵᠢᠯ ᠢ ᠲᠥᠯᠦᠪᠰᠢᠭᠦᠯᠬᠦ ᠵᠣᠷᠢᠯᠭ᠎ᠠ ᠪᠠᠷ ︽ᠬᠡᠦᠬᠡᠳ ᠦᠨ ᠨᠠᠶᠢᠷᠠᠯ ᠳᠠᠭᠤᠨ ᠤ ᠠᠩᠬᠠᠳᠤᠭᠠᠷ ᠨᠠᠭᠠᠳᠤᠮ︾ ᠢ ᠵᠣᠬᠢᠶᠠᠨ ᠪᠠᠶᠢᠭᠤᠯᠪᠠ᠃
ᠲᠤᠰ ᠨᠠᠭᠠᠳᠤᠮ ᠳᠤ ᠮᠥᠷᠡᠨ ᠰᠤᠮᠤ  ᠪᠣᠯᠤᠨ ᠣᠷᠣᠨ ᠨᠤᠲᠤᠭ ᠤᠨ ᠳᠤᠯᠤᠭᠠᠨ ᠰᠤᠷᠭᠠᠭᠤᠯᠢ ᠶᠢᠨ 150 ᠭᠠᠷᠤᠢ ᠰᠤᠷᠤᠭᠴᠢᠳ ᠠᠪᠢᠶᠠᠰ᠂ ᠤᠷ᠎ᠠ ᠴᠢᠳᠠᠪᠤᠷᠢ ᠪᠠᠨ ᠰᠣᠷᠢᠨ ᠣᠷᠣᠯᠴᠠᠭᠰᠠᠨ ᠠᠴᠠ  ︽ᠡᠷᠳᠡᠮ ᠦᠨ ᠳᠠᠯᠠᠢ︾ ᠴᠣᠭᠴᠠᠯᠠᠪᠤᠷᠢ ᠰᠤᠷᠭᠠᠭᠤᠯᠢ ᠶᠢᠨ ᠰᠤᠷᠤᠭᠴᠢᠳ ᠲᠡᠷᠢᠭᠦᠨ ᠪᠠᠶᠢᠷᠢ ᠳᠤ᠂ ︽ᠠᠪᠢᠶᠠᠰ︾ 8ᠳ᠋ᠤᠭᠠᠷ ᠰᠤᠷᠭᠠᠭᠤᠯᠢ ᠳᠡᠳ᠋ ᠪᠠᠶᠢᠷᠢ ᠳᠤ᠂  ︽ᠭᠤᠷᠪᠠᠨ-ᠡᠷᠳᠡᠨᠢ︾ ᠰᠤᠷᠭᠠᠭᠤᠯᠢ ᠶᠢᠨ ᠬᠠᠮᠲᠤᠯᠢᠭ ᠭᠤᠷᠪᠠᠳᠤᠭᠠᠷ ᠲᠤ᠂ ᠲᠤᠰᠬᠠᠢ ᠪᠠᠶᠢᠷᠢ ᠳᠤ ︽ᠰᠣᠳᠣ-ᠡᠷᠳᠡᠮ ︾ ᠠᠬᠠᠯᠠᠬᠤ ᠰᠤᠷᠭᠠᠭᠤᠯᠢ ᠶᠢᠨ ᠰᠤᠷᠤᠭᠴᠢᠳ ᠰᠢᠯᠭᠠᠷᠠᠵᠠᠢ᠃

ᠰᠡᠳᠬᠢᠭᠳᠡᠯ ᠦᠯᠡᠳᠡᠭᠡᠬᠦ