ᠶᠣ᠊∙ᠪᠠᠭᠠᠲᠤᠷᠪᠢᠯᠢᠭ᠌ ᠠᠷᠾᠢᠲᠸᠺᠲ᠋ᠤᠷ ᠤᠳ ᠲᠠᠢ ᠠᠭᠤᠯᠵᠠᠯ᠎ᠠ | News.MN

ᠶᠣ᠊∙ᠪᠠᠭᠠᠲᠤᠷᠪᠢᠯᠢᠭ᠌ ᠠᠷᠾᠢᠲᠸᠺᠲ᠋ᠤᠷ ᠤᠳ ᠲᠠᠢ ᠠᠭᠤᠯᠵᠠᠯ᠎ᠠ

ᠪᠠᠶᠢᠭᠠᠯᠢ ᠶᠢᠨ ᠲᠡᠦᠬᠡ ᠶᠢᠨ ᠮᠦᠽᠧᠢ ᠪᠣᠯᠤᠨ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠤᠨ ᠰᠢᠨ᠎ᠡ ᠪᠡᠷ ᠪᠠᠷᠢᠬᠤ ᠪᠠᠷᠢᠯᠭ᠎ᠠ ᠪᠠᠶᠢᠭᠤᠯᠤᠮᠵᠢ ᠶᠢᠨ ᠵᠢᠷᠤᠭ᠂ ᠲᠥᠰᠥᠪ ᠢ ᠭᠠᠷᠭᠠᠬᠤ ᠲᠠᠢ ᠬᠣᠯᠪᠣᠭᠳᠠᠭᠤᠯᠤᠨ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠤ ᠰᠠᠶᠢᠳ ᠶᠣ᠊∙ᠪᠠᠭᠠᠲᠤᠷᠪᠢᠯᠢᠭ᠌ ᠥᠨᠥᠳᠥᠷ ᠮᠣᠩᠭᠣᠯ ᠤᠨ ᠠᠷᠾᠢᠲᠸᠺᠲ᠋ᠤᠷᠴᠤᠳ ᠤᠨ ᠡᠪᠯᠡᠯ ᠪᠣᠯᠤᠨ ᠪᠠᠷᠢᠯᠭ᠎ᠠ ᠶᠢᠨ ᠵᠢᠷᠤᠭ᠂ ᠲᠥᠰᠥᠪ ᠵᠣᠬᠢᠶᠠᠭᠴᠢᠳ ᠤᠨ ᠬᠣᠯᠪᠣᠭᠠᠨ ᠤ ᠲᠥᠯᠥᠭᠡᠯᠡᠯ ᠦᠳ ᠲᠡᠢ ᠠᠭᠤᠯᠵᠠᠪᠠ᠃
ᠰᠠᠶᠢᠳ ᠳᠡᠭᠡᠷᠡᠬᠢ ᠪᠠᠷᠢᠯᠭ᠎ᠠ ᠨᠤᠭᠤᠳ ᠠᠦ᠋ᠲ᠋ᠤ᠋ ᠮᠠᠰᠢᠨ ᠤ ᠵᠣᠭᠰᠣᠭᠠᠯ ᠠᠴᠠ ᠡᠬᠢᠯᠡᠭᠡᠳ ᠣᠷᠴᠢᠨ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠰᠢᠨ᠎ᠡ ᠲᠧᠭᠨᠢᠭ ᠲᠧᠭᠨᠣᠯᠣᠭᠢ ᠪᠠᠷ ᠬᠠᠩᠭᠠᠭᠳᠠᠭᠰᠠᠨ᠂ ᠦᠨᠳᠦᠰᠦᠨ ᠦ ᠣᠨᠴᠠᠯᠢᠭ ᠪᠦᠬᠦᠢ ᠥᠪᠡᠷᠮᠢᠴᠡ ᠰᠢᠨᠡᠯᠢᠭ ᠢᠨᠲ᠋ᠧᠷᠧᠷ᠂ ᠡᠺᠣ ᠰᠢᠢᠳᠦᠯ ᠲᠡᠢ ᠪᠠᠶᠢᠬᠤ ᠶᠣᠰᠣᠲᠠᠢ ᠶᠢ ᠣᠨᠴᠠᠯᠠᠭᠠᠳ ᠡᠶᠢᠮᠦ ᠵᠢᠷᠤᠭ ᠲᠥᠰᠥᠪ ᠢ ᠭᠠᠷᠭᠠᠬᠤ ᠳᠤ ᠮᠠᠨ ᠤ ᠦᠨᠳᠦᠰᠦᠨ ᠦ ᠬᠣᠯᠪᠣᠭᠠᠳ ᠤᠨ ᠬᠦᠮᠦᠨ ᠦ ᠨᠥᠭᠡᠴᠡ᠂ ᠲᠤᠷᠰᠢᠯᠭ᠎ᠠ᠂ ᠺᠤᠨᠰᠸᠷᠴᠢᠦᠮ ᠬᠡᠯᠪᠡᠷᠢ ᠪᠡᠷ ᠬᠠᠮᠲᠤᠷᠠᠨ ᠠᠵᠢᠯᠯᠠᠬᠤ ᠪᠣᠯᠤᠮᠵᠢ ᠶᠠᠮᠠᠷ ᠪᠠᠶᠢᠭ᠎ᠠ ᠶᠢ ᠲᠣᠳᠣᠷᠠᠭᠤᠯᠪᠠ᠃ ᠮᠥᠨ ᠪᠠᠷᠢᠬᠤ ᠭᠠᠵᠠᠷ ᠤᠨ ᠰᠣᠩᠭᠣᠯᠲᠠ ᠶᠢ ᠣᠶᠢᠷ᠎ᠠ ᠶᠢᠨ ᠦᠶ᠎ᠡ ᠳᠦ ᠬᠢᠵᠦ᠂ ᠵᠢᠷᠤᠭ ᠤᠨ ᠠᠵᠢᠯ ᠤᠨ ᠳᠠᠭᠠᠭᠠᠯᠭᠠᠪᠤᠷᠢ ᠶᠢ ᠵᠠᠬᠢᠶᠠᠯᠠᠭᠴᠢ ᠲᠠᠯ᠎ᠠ ᠠᠴᠠ ᠪᠡᠯᠡᠨ ᠪᠣᠯᠭᠠᠨ᠎ᠠ ᠭᠡᠯ᠎ᠡ᠃ ᠬᠣᠯᠪᠣᠭᠠᠳ ᠤᠨ ᠭᠡᠰᠢᠭᠦᠳ ᠰᠠᠨᠠᠯ ᠬᠡᠯᠡᠵᠦ᠂ ᠰᠠᠶᠢᠳ ᠠᠴᠠ ᠵᠠᠷᠢᠮ ᠵᠦᠢᠯ ᠢ ᠲᠣᠳᠣᠷᠠᠭᠤᠯᠤᠭᠰᠠᠨ ᠤ ᠳᠠᠷᠠᠭ᠎ᠠ ᠨᠢᠭᠡᠳᠦᠭᠰᠡᠨ ᠰᠠᠨᠠᠯ ᠪᠣᠯᠪᠠᠰᠤᠷᠠᠭᠤᠯᠵᠤ᠂ ᠣᠶᠢᠷ᠎ᠠ ᠶᠢᠨ ᠬᠤᠭᠤᠴᠠᠭᠠᠨ ᠳᠤ ᠡᠷᠭᠢᠨ ᠠᠭᠤᠯᠵᠠᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ