ᠰᠫᠣᠷᠲ ᠥᠷᠥᠯᠲᠡ  ᠶᠢ ᠦᠨ᠎ᠡ ᠦᠭᠡᠢ ᠰᠤᠷᠭᠠᠵᠤ ᠪᠠᠶᠢᠨ᠎ᠠ | News.MN

ᠰᠫᠣᠷᠲ ᠥᠷᠥᠯᠲᠡ  ᠶᠢ ᠦᠨ᠎ᠡ ᠦᠭᠡᠢ ᠰᠤᠷᠭᠠᠵᠤ ᠪᠠᠶᠢᠨ᠎ᠠ

ᠬᠥᠪᠰᠥᠭᠥᠯ ᠠᠶᠢᠮᠠᠭ ᠤᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ  ︽ᠬᠡᠦᠬᠡᠳ ᠬᠠᠮᠠᠭᠠᠯᠠᠯ ᠡᠷᠦᠬᠡ ᠶᠢᠨ ᠬᠥᠭᠵᠢᠯ ᠢ ᠳᠡᠮᠵᠢᠬᠦ︾ ᠵᠢᠯ ᠦᠨ ᠬᠦᠷᠢᠶᠡᠨ ᠳᠦ 90 ᠬᠡᠦᠬᠡᠳ ᠢ ᠰᠫᠣᠷᠲ ᠥᠷᠥᠯᠲᠡ ᠶᠢᠨ ᠳᠤᠭᠤᠶᠢᠯᠠᠩ ᠳᠤ ᠦᠨ᠎ᠡ ᠦᠭᠡᠢ ᠰᠤᠷᠭᠠᠵᠤ ᠪᠠᠶᠢᠨ᠎ᠠ᠃ ᠲᠤᠰ ᠭᠠᠵᠠᠷ ᠮᠣᠩᠭᠣᠯ ᠤᠨ ᠣᠶᠤᠨ ᠤᠬᠠᠭᠠᠨ ᠤ ᠠᠺᠠᠳᠧᠮᠢ ᠶᠢᠨ ᠬᠥᠪᠰᠥᠭᠥᠯ ᠠᠶᠢᠮᠠᠭ ᠳᠠᠬᠢ ᠰᠠᠯᠪᠤᠷᠢ ᠲᠠᠢ ᠬᠠᠮᠲᠤᠷᠠᠨ ︽ᠰᠫᠣᠷᠲ ᠥᠷᠥᠯᠲᠡ︾ ᠶᠢᠨ ᠳᠤᠭᠤᠶᠢᠯᠠᠩ ᠢ ᠰᠢᠨ᠎ᠡ ᠪᠡᠷ ᠨᠡᠭᠡᠭᠡᠨ ᠬᠡᠦᠬᠡᠳ ᠦᠳ ᠢ ᠳᠡᠮᠵᠢᠨ ᠠᠵᠢᠯᠯᠠᠵᠤ ᠪᠠᠶᠢᠨ᠎ᠠ᠃
ᠰᠫᠤᠷᠲ ᠦᠷᠦᠯᠲᠡ ᠶᠢᠨ ᠶᠠᠪᠤᠴᠠ ᠳᠤ ᠬᠡᠦᠬᠡᠳ ᠦᠳ ᠬᠣᠶᠠᠷ ᠭᠠᠷ ᠢ ᠲᠡᠩᠴᠡᠪᠦᠷᠢᠲᠡᠢ ᠠᠰᠢᠭᠯᠠᠬᠤ ᠴᠢᠳᠠᠪᠤᠷᠢ ᠳᠤ ᠰᠤᠷᠤᠯᠴᠠᠬᠤ᠂ ᠬᠣᠶᠠᠷ ᠭᠠᠷ ᠢ ᠬᠢᠨᠠᠵᠤ ᠪᠠᠶᠢᠳᠠᠭ ᠪᠠᠷᠠᠭᠤᠨ᠂ ᠵᠡᠭᠦᠨ ᠲᠠᠷᠢᠬᠢ ᠶᠢ ᠬᠥᠭᠵᠢᠭᠦᠯᠬᠦ᠂ ᠭᠠᠷ᠂ ᠨᠢᠳᠦᠨ ᠦ ᠵᠣᠬᠢᠯᠳᠤᠯᠭ᠎ᠠ ᠶᠢ ᠰᠠᠶᠢᠵᠢᠷᠠᠭᠤᠯᠬᠤ᠂ ᠣᠯᠠᠨ ᠥᠩᠭᠡ ᠬᠣᠯᠢᠵᠤ ᠬᠢᠬᠦ ᠨᠢ ᠪᠦᠲᠦᠭᠡᠯᠴᠢ ᠰᠡᠳᠬᠢᠯᠭᠡ ᠶᠢ ᠬᠥᠭᠵᠢᠭᠦᠯᠬᠦ ᠠᠴᠢ ᠬᠣᠯᠪᠣᠭᠳᠠᠯ ᠲᠠᠢ ᠭᠡᠨ᠎ᠡ ᠃ ᠮᠥᠨ ᠠᠩᠬᠠᠷᠤᠯ ᠲᠥᠪᠯᠡᠷᠡᠯᠲᠡ ᠶᠢ ᠨᠡᠮᠡᠭᠳᠡᠭᠦᠯᠬᠦ᠂ ᠲᠠᠷᠢᠬᠢ ᠶᠢ ᠢᠳᠡᠪᠬᠢᠵᠢᠭᠦᠯᠬᠦ᠂ ᠲᠦᠷᠭᠡᠨ ᠱᠠᠯᠠᠮᠠᠭᠠᠢ ᠪᠠᠶᠢᠳᠠᠯ᠂ ᠷᠧᠹᠯᠧᠺᠰ ᠢ ᠪᠤᠢ ᠪᠣᠯᠭᠠᠬᠤ᠂ ᠮᠡᠳᠡᠷᠡᠮᠵᠢ ᠶᠢ ᠳᠡᠭᠡᠭᠰᠢᠯᠡᠭᠦᠯᠬᠦ᠂ ᠣᠷᠣᠨ ᠵᠠᠢ ᠶᠢ ᠵᠣᠬᠢᠴᠠᠭᠤᠯᠬᠤ᠂ ᠪᠠᠭ ᠢᠶᠠᠷ ᠠᠵᠢᠯᠯᠠᠬᠤ ᠴᠢᠳᠠᠪᠤᠷᠢ ᠶᠢ ᠨᠡᠮᠡᠭᠳᠡᠭᠦᠯᠬᠦ᠂ ᠰᠫᠣᠷᠲ ᠤᠨ ᠵᠠᠩ ᠴᠢᠨᠠᠷ ᠢ ᠲᠥᠯᠦᠪᠰᠢᠭᠦᠯᠬᠦ᠂ ᠣᠯᠠᠨ ᠨᠡᠶᠢᠲᠡ ᠶᠢᠨ ᠤᠷᠤᠯᠳᠤᠭᠠᠨ ᠲᠡᠮᠡᠴᠡᠭᠡᠨ ᠳᠦ ᠣᠷᠣᠯᠴᠠᠵᠤ ᠦᠪᠡᠷ ᠲᠦ ᠪᠡᠨ ᠢᠲᠡᠭᠡᠬᠦ ᠢᠲᠡᠭᠡᠯ ᠢ ᠪᠤᠢ ᠪᠣᠯᠭᠠᠬᠤ᠂ ᠥᠷᠢᠰᠦᠯᠳᠦᠭᠡᠨ ᠦ ᠳᠠᠷᠤᠮᠲᠠ ᠶᠢ ᠳᠠᠪᠠᠨ ᠲᠤᠭᠤᠯᠬᠤ ᠵᠡᠷᠭᠡ ᠣᠯᠠᠨ ᠲᠠᠯ᠎ᠠ ᠶᠢᠨ ᠠᠴᠢ ᠬᠣᠯᠪᠣᠭᠳᠠᠯ ᠲᠠᠢ ᠰᠫᠣᠷᠲ ᠤᠨ ᠴᠣ ᠰᠢᠨ᠎ᠡ ᠲᠥᠷᠥᠯ ᠠᠵᠡᠢ᠃

ᠰᠡᠳᠬᠢᠭᠳᠡᠯ ᠦᠯᠡᠳᠡᠭᠡᠬᠦ