ᠨᠤᠯᠤᠤᠷ 100-120 ᠮᠢᠩᠭᠠᠨ ᠲᠥᠭᠥᠷᠢᠭ ᠪᠠᠶᠢᠨ᠎ᠠ | News.MN

ᠨᠤᠯᠤᠤᠷ 100-120 ᠮᠢᠩᠭᠠᠨ ᠲᠥᠭᠥᠷᠢᠭ ᠪᠠᠶᠢᠨ᠎ᠠ

ᠰᠡᠭᠦᠯ ᠦᠨ ᠬᠣᠶᠠᠷ ᠵᠢᠯ ᠨᠤᠯᠤᠤᠷ ᠤᠨ ᠦᠨ᠎ᠡ 100 ᠮᠢᠩᠭᠠᠨ ᠲᠥᠭᠥᠷᠢᠭ ᠳᠠᠪᠠᠭᠰᠠᠨ ᠨᠢ ᠮᠠᠯᠴᠢᠳ ᠤᠨ ᠬᠤᠪᠢ ᠳᠤ ᠲᠠᠭᠠᠲᠠᠢ ᠮᠡᠳᠡᠭᠡ ᠪᠣᠯᠵᠤ ᠪᠤᠢ᠃ ᠬᠥᠳᠡᠭᠡ ᠠᠵᠤ ᠠᠬᠤᠢ ᠶᠢᠨ ᠪᠢᠷᠵᠢ ᠶᠢᠨ ᠥᠴᠥᠭᠡᠳᠦᠷ ᠦᠨ ᠠᠷᠠᠯᠵᠢᠶ᠎ᠠ ᠪᠠᠷ ᠢᠮᠠᠭᠠᠨ ᠤ ᠨᠤᠯᠤᠤᠷ 100-120 ᠮᠢᠩᠭᠠᠨ ᠲᠥᠭᠥᠷᠢᠭ ᠦᠨ ᠦᠨ᠎ᠡ ᠲᠡᠢ ᠪᠠᠶᠢᠨ᠎ᠠ᠃ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠤ ᠡᠨᠡ ᠣᠨ ᠤ ᠡᠬᠢᠨ ᠦ ᠤᠯᠠᠷᠢᠯ ᠤᠨ ᠲᠠᠶᠢᠯᠤᠨ ᠢᠶᠠᠷ ᠢᠮᠠᠭᠠᠨ ᠤ ᠴᠠᠭᠠᠨ ᠨᠤᠯᠤᠤᠷ  ᠤᠨ ᠳᠤᠮᠳᠠᠴᠢ ᠦᠨ᠎ᠡ ᠺᠢᠯᠦᠭᠷᠡᠮ ᠨᠢ ᠬᠡᠨᠲᠡᠢ ᠠᠶᠢᠮᠠᠭ ᠲᠤ ᠬᠠᠮᠤᠭ ᠤᠨ ᠶᠡᠬᠡ ᠪᠤᠶᠤ 132 ᠮᠢᠩᠭᠠᠨ ᠲᠥᠭᠥᠷᠢᠭ᠂ ᠬᠣᠪᠳᠣ ᠠᠶᠢᠮᠠᠭ ᠲᠤ ᠬᠠᠮᠤᠭ ᠤᠨ ᠪᠠᠭ᠎ᠠ ᠪᠤᠶᠤ 90.0 ᠮᠢᠩᠭᠠᠨ ᠲᠥᠭᠥᠷᠢᠭ᠂ ᠪᠤᠰᠤᠳ ᠠᠶᠢᠮᠠᠭ ᠲᠤ 94-130 ᠮᠢᠩᠭᠠᠨ ᠲᠥᠭᠥᠷᠢᠭ ᠪᠠᠶᠢᠭ᠎ᠠ ᠠᠵᠠᠢ ᠃
ᠬᠠᠷᠢᠨ ᠢᠮᠠᠭᠠᠨ ᠤ ᠨᠤᠯᠤᠤᠷ ᠲᠠᠢ ᠠᠷᠠᠰᠤ ᠪᠢᠷᠵᠢ ᠶᠢᠨ ᠠᠷᠠᠯᠵᠢᠶ᠎ᠠ ᠪᠠᠷ ᠳᠤᠮᠳᠠᠴᠢ ᠪᠠᠷ 35 ᠮᠢᠩᠭᠠᠨ ᠲᠥᠭᠥᠷᠢᠭ ᠪᠠᠶᠢᠨ᠎ᠠ᠃ ᠨᠡᠶᠢᠲᠡ 400 ᠮᠢᠩᠭᠠᠨ ᠰᠢᠷᠬᠡᠭ ᠠᠷᠠᠰᠤ ᠪᠢᠷᠵᠢ ᠳᠡᠭᠡᠷ᠎ᠡ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ