ᠮᠤᠩᠭᠤᠯᠴᠤᠳ ᠡᠺᠰᠺᠠᠸᠠᠲ᠋ᠣᠷ ᠢ ᠠᠩᠬ᠎ᠠ ᠤᠳᠠᠭ᠎ᠠ ᠤᠭᠰᠠᠷᠠᠯ᠎ᠠ | News.MN

ᠮᠤᠩᠭᠤᠯᠴᠤᠳ ᠡᠺᠰᠺᠠᠸᠠᠲ᠋ᠣᠷ ᠢ ᠠᠩᠬ᠎ᠠ ᠤᠳᠠᠭ᠎ᠠ ᠤᠭᠰᠠᠷᠠᠯ᠎ᠠ

ᠮᠣᠩᠭᠣᠯ ᠳᠤ ᠠᠩᠬ᠎ᠠ ᠤᠳᠠᠭ᠎ᠠ ЭКГ-12Кᠮᠠᠷᠺ ᠤᠨ ᠡᠺᠰᠺᠠᠸᠠᠲ᠋ᠣᠷ ᠢ ︽ᠡᠷᠳᠡᠨᠢᠲᠦ ᠦᠢᠯᠡᠳᠪᠦᠷᠢ︾  ᠶᠢᠨ ᠬᠢᠨ ᠤᠭᠰᠠᠷᠠᠵᠤ ᠢᠯᠡ ᠠᠭᠤᠷᠬᠠᠢ ᠳᠤ ᠠᠰᠢᠭᠯᠠᠯᠲᠠ ᠳᠤ ᠣᠷᠣᠭᠤᠯᠤᠯ᠎ᠠ᠃ 12 ᠺᠦᠪ ᠮᠧᠲ᠋ᠷ ᠰᠢᠨᠠᠭᠠᠨ ᠤ ᠪᠠᠭᠲᠠᠭᠠᠮᠵᠢ ᠲᠠᠢ ЭКГ-12Кᠮᠠᠷᠺ ᠤᠨ ᠡᠺᠰᠺᠠᠸᠠᠲ᠋ᠣᠷ ᠢ ᠬᠦᠯᠢᠶᠡᠨ ᠠᠪᠬᠤ ᠶᠣᠰᠣᠯᠠᠯ ᠤᠨ ᠠᠵᠢᠯᠯᠠᠭᠠᠨ ᠳᠤ  ︽ᠡᠷᠳᠡᠨᠢᠲᠦ ᠦᠢᠯᠡᠳᠪᠦᠷᠢ ︾ ᠤᠳᠤᠷᠢᠳᠤᠯᠭ᠎ᠠ  ᠨᠠᠷ ᠂ ᠣᠷᠣᠰ ᠬᠣᠯᠪᠣᠭᠠᠨ ᠤ ᠤᠯᠤᠰ ᠤᠨ ᠢᠽ ᠺᠠᠷᠲ᠋ᠧᠺᠰ ᠺᠣᠮᠫᠠᠨᠢ ᠶᠢᠨ ᠲᠥᠯᠥᠭᠡᠯᠡᠯ ᠪᠣᠯᠤᠨ ᠠᠭᠤᠷᠬᠠᠶᠢᠴᠢᠳ ᠤᠷᠤᠯᠴᠠᠪᠠ᠃ ЭКГ-12Кᠡᠺᠰᠺᠠᠸᠠᠲ᠋ᠣᠷ ᠢ ᠢᠯᠡ ᠠᠭᠤᠷᠬᠠᠢ ᠶᠢᠨ ᠠᠵᠢᠯᠴᠢᠳ ᠥᠪᠡᠷᠰᠡᠳ ᠦᠨ ᠨᠥᠭᠡᠴᠡ ᠪᠣᠯᠤᠮᠵᠢ ᠪᠠᠨ ᠠᠰᠢᠭᠯᠠᠨ ᠬᠤᠭᠤᠴᠠᠭᠠᠨ ᠠᠴᠠ ᠨᠢ ᠨᠢᠭᠡ ᠰᠠᠷ᠎ᠠ ᠶᠢᠨ ᠡᠮᠦᠨ᠎ᠡ ᠠᠮᠵᠢᠯᠲᠠ ᠲᠠᠢ ᠤᠭᠰᠠᠷᠠᠵᠤ ᠳᠠᠭᠤᠰᠴᠠᠢ᠃
ᠡᠨᠡ ᠡᠺᠰᠺᠠᠸᠠᠲ᠋ᠣᠷ ᠪᠣᠯ ᠬᠠᠮᠤᠭ ᠤᠨ ᠰᠡᠭᠦᠯ ᠦᠨ ᠦᠶ᠎ᠡ ᠶᠢᠨ ᠰᠢᠨᠡᠴᠢᠯᠡᠭᠰᠡᠨ ᠵᠠᠭᠪᠤᠷ ᠶᠤᠮ᠃  ᠡᠭᠦᠨ ᠢ ᠠᠰᠢᠭᠯᠠᠯᠲᠠ ᠳᠤ ᠣᠷᠣᠭᠤᠯᠤᠭᠰᠠᠨ ᠢᠶᠠᠷ ᠢᠯᠡ ᠠᠭᠤᠷᠬᠠᠢ ᠶᠢᠨ ᠨᠠᠶᠢᠳᠠᠪᠤᠷᠢᠲᠠᠢ ᠠᠵᠢᠯᠯᠠᠭ᠎ᠠ ᠪᠣᠯᠤᠨ ᠬᠦᠳᠡᠷ ᠦᠨ ᠣᠯᠪᠤᠷᠢᠯᠠᠯᠲᠠ ᠶᠢᠨ ᠬᠡᠮᠵᠢᠶ᠎ᠡ ᠨᠡᠮᠡᠭᠳᠡᠨ᠎ᠡ᠃ ᠡᠮᠦᠨ᠎ᠡ ᠨᠢ ᠠᠵᠢᠯᠯᠠᠵᠤ ᠪᠠᠶᠢᠭᠰᠠᠨ ᠡᠺᠰᠺᠠᠸᠠᠲ᠋ᠣᠷ ᠤᠳ ᠠᠴᠠ ᠪᠦᠲᠦᠭᠡᠮᠵᠢ ᠶᠢᠨ ᠬᠤᠪᠢ ᠳᠤ 20 ᠬᠤᠪᠢ ᠳᠡᠭᠡᠭᠦᠷ᠂ ᠴᠠᠬᠢᠯᠭᠠᠨ ᠵᠠᠷᠤᠴᠠᠭᠤᠯᠤᠯᠲᠠ ᠶᠢᠨ ᠬᠤᠪᠢ ᠳᠤ 30 ᠬᠤᠪᠢ ᠪᠠᠷ ᠪᠠᠭ᠎ᠠ᠂ ᠣᠷᠴᠢᠨ ᠦᠶ᠎ᠡ ᠶᠢᠨ ᠬᠢᠨᠠᠯᠲᠠ ᠪᠣᠯᠤᠨ ᠠᠶᠤᠯ ᠦᠭᠡᠢ ᠪᠠᠶᠢᠳᠠᠯ ᠢ ᠬᠠᠩᠭᠠᠭᠰᠠᠨ ᠰᠢᠰᠲ᠋ᠧᠮ ᠢᠶᠡᠷ ᠪᠦᠷᠢᠨ ᠲᠣᠨᠣᠭᠯᠠᠭᠳᠠᠭᠰᠠᠨ ᠲᠧᠭᠨᠢᠭ ᠶᠤᠮ᠃ ᠮᠡᠷᠭᠡᠵᠢᠯ ᠦᠨ ᠥᠨᠳᠥᠷ ᠤᠷ᠎ᠠ ᠴᠢᠳᠠᠪᠤᠷᠢ ᠭᠠᠷᠭᠠᠨ ᠡᠺᠰᠺᠠᠸᠠᠲ᠋ᠣᠷ ᠢ ᠬᠤᠭᠤᠴᠠᠭᠠᠨ ᠠᠴᠠ ᠨᠢ ᠡᠮᠦᠨ᠎ᠡ ᠠᠮᠵᠢᠯᠲᠠ ᠲᠠᠢ ᠤᠭᠰᠠᠷᠠᠭᠰᠠᠨ ᠨᠡᠷ᠎ᠡ ᠪᠦᠬᠦᠢ 10 ᠠᠭᠤᠷᠬᠠᠶᠢᠴᠢᠨ ᠳᠤ ᠦᠢᠯᠡᠳᠪᠦᠷᠢ ᠶᠢᠨ ᠤᠳᠤᠷᠢᠳᠤᠯᠭ᠎ᠠ ᠨᠠᠷ ᠪᠠᠶᠠᠷ ᠬᠦᠷᠭᠡᠵᠦ᠂ 30 ᠰᠠᠶ᠎ᠠ ᠲᠥᠭᠥᠷᠢᠭ ᠦᠨ ᠤᠷᠮᠠᠰᠢᠭᠤᠯᠤᠯ ᠣᠯᠭᠤᠯ᠎ᠠ᠃

ᠰᠡᠳᠬᠢᠭᠳᠡᠯ ᠦᠯᠡᠳᠡᠭᠡᠬᠦ