ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠳᠤ ︽ᠡᠯᠴᠢᠨ ᠰᠠᠶᠢᠳ ᠢ ᠡᠭᠡᠭᠦᠯᠦᠨ ᠲᠠᠲᠠᠬᠤ ᠠᠰᠠᠭᠤᠳᠠᠯ ᠢᠶᠠᠷ ᠵᠥᠪᠰᠢᠯᠴᠡᠬᠦ ᠲᠤᠬᠠᠢ︾ ᠠᠯᠪᠠᠨ ᠪᠢᠴᠢᠭ ᠢᠯᠡᠭᠡᠪᠡ᠃ ᠠᠯᠪᠠᠨ ᠪᠢᠴᠢᠭ ᠲᠤ ᠄
ᠮᠣᠩᠭᠣᠯ ᠤᠯᠤᠰ ᠠᠴᠠ ᠣᠷᠣᠰ ᠤᠨ ᠬᠣᠯᠪᠣᠭᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠪᠠᠨᠽᠠᠷᠠᠭᠴᠢ ᠶᠢᠨ ᠳᠡᠯᠭᠡᠷᠮ᠎ᠠ ᠨᠢ ︽ᠤᠯᠤᠰ ᠲᠥᠷᠥ ᠶᠢᠨ ᠠᠯᠪᠠᠨ ᠬᠠᠭᠠᠭᠴᠢ ᠠᠴᠠ ᠪᠤᠰᠤᠳ ᠲᠥᠷᠥ ᠶᠢᠨ ᠠᠯᠪᠠᠨ ᠬᠠᠭᠠᠭᠴᠢ ᠲᠥᠷᠥ ᠶᠢᠨ ᠠᠯᠪᠠᠨ ᠲᠤᠰᠢᠶᠠᠯ ᠡᠷᠬᠢᠯᠡᠬᠦ ᠬᠤᠭᠤᠴᠠᠭᠠᠨ ᠳᠤ ᠪᠠᠨ ᠤᠯᠤᠰ ᠲᠥᠷᠥ ᠶᠢᠨ ᠠᠯᠢᠪᠠ ᠨᠠᠮ᠂ ᠡᠪᠰᠡᠯ᠂ ᠬᠥᠳᠡᠯᠭᠡᠭᠡᠨ ᠦ ᠦᠢᠯᠡ ᠠᠵᠢᠯᠯᠠᠭᠠᠨ ᠳᠤ ᠶᠠᠮᠠᠷ ᠨᠢᠭᠡ ᠬᠡᠯᠪᠡᠷᠢ ᠪᠡᠷ ᠣᠷᠣᠯᠴᠠᠬᠤ ᠦᠭᠡᠢ ᠪᠠᠶᠢᠬᠤ ᠡᠭᠦᠷᠭᠡ ᠬᠦᠯᠢᠶᠡᠨ᠎ᠡ᠂ ᠬᠠᠤᠯᠢ ᠪᠠᠷ ᠵᠥᠪᠰᠢᠶᠡᠷᠡᠭᠰᠡᠨ ᠡᠴᠡ ᠪᠤᠰᠤᠳ ᠲᠣᠬᠢᠶᠠᠯᠳᠤᠯ ᠳᠤ ᠠᠯᠢᠪᠠ ᠬᠡᠯᠪᠡᠷᠢ ᠪᠡᠷ ᠣᠷᠣᠯᠴᠠᠬᠤ ᠶᠢ ᠬᠣᠷᠢᠭᠯᠠᠨ᠎ᠠ ︾ ᠭᠡᠵᠦ ᠵᠢᠭᠠᠭᠰᠠᠨ ︽ᠲᠥᠷᠥ ᠶᠢᠨ ᠠᠯᠪᠠᠨ ᠤ ᠲᠤᠬᠠᠢ︾ ᠬᠠᠤᠯᠢ ᠶᠢ ᠵᠥᠷᠢᠴᠡᠵᠦ᠂ ᠤᠯᠤᠰ ᠲᠥᠷᠥ ᠶᠢᠨ ᠨᠠᠮ ᠤᠨ ᠦᠢᠯᠡ ᠠᠵᠢᠯᠯᠠᠭᠠᠨ ᠳᠤ ᠣᠷᠣᠯᠴᠠᠨ᠂ ᠨᠠᠮ ᠤᠨ ᠳᠡᠳ᠋ ᠳᠠᠷᠤᠭ᠎ᠠ ᠪᠠᠷ ᠰᠣᠩᠭᠣᠭᠳᠠᠭᠰᠠᠨ ᠪᠠᠶᠢᠨ᠎ᠠ᠃ ᠡᠶᠢᠮᠦ ᠳᠦ ︽ᠮᠣᠩᠭᠣᠯ ᠤᠯᠤᠰ ᠤᠨ ᠦᠨᠳᠦᠰᠦᠨ ᠬᠠᠤᠯᠢ︾ ᠂ ︽ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠤᠬᠠᠢ︾ ᠬᠠᠤᠯᠢ ᠂ ︽ᠳ᠋ᠢᠫᠯᠣᠮᠠᠲ ᠠᠯᠪᠠᠨ ᠤ ᠲᠤᠬᠠᠢ ︾ ᠬᠠᠤᠯᠢ ᠳᠤ ᠵᠢᠭᠠᠭᠰᠠᠨ ᠢ ᠦᠨᠳᠦᠰᠦᠯᠡᠨ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠡᠴᠡ ᠨᠢ ᠡᠭᠡᠭᠦᠯᠦᠨ ᠲᠠᠲᠠᠬᠤ ᠰᠠᠨᠠᠯ ᠢ ᠵᠥᠪᠰᠢᠯᠴᠡᠬᠦ ᠪᠡᠷ ᠡᠷᠭᠦᠨ ᠮᠡᠳᠡᠭᠦᠯᠵᠦ ᠪᠠᠶᠢᠨ᠎ᠠ ᠭᠡᠵᠡᠢ᠃