︽ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠲᠤᠬᠠᠢ︾ ᠬᠠᠤᠯᠢ ᠶᠢ ᠳᠠᠮᠵᠢᠨ᠎ᠠ | News.MN

︽ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠲᠤᠬᠠᠢ︾ ᠬᠠᠤᠯᠢ ᠶᠢ ᠳᠠᠮᠵᠢᠨ᠎ᠠ

ᠠᠮᠧᠷᠢᠺᠠ ᠶᠢᠨ ᠨᠢᠭᠡᠳᠦᠭᠰᠡᠨ ᠤᠯᠤᠰ ᠤᠨ ᠺᠣᠩᠷᠧᠰᠰ ᠤᠨ ᠲᠥᠯᠥᠭᠡᠯᠡᠭᠴᠢᠳ ᠦᠨ ᠲᠠᠩᠬᠢᠮ ᠤᠨ ᠭᠡᠰᠢᠭᠦᠨ ᠲᠳ᠋ ᠢᠤᠬᠤ᠋ ᠨᠠᠷ ᠤᠨ ᠨᠡᠷ᠎ᠡ ᠪᠦᠬᠦᠢ ᠭᠡᠰᠢᠭᠦᠳ 2018 ᠣᠨ ᠤ ᠳᠣᠯᠣᠳᠤᠭᠠᠷ ᠰᠠᠷ᠎ᠠ ᠶᠢᠨ 26 ᠍ ᠤ ᠡᠳᠦᠷ ︽ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠬᠠᠤᠯᠢ ︾ ᠶᠢ ᠬᠡᠯᠡᠯᠴᠡᠭᠦᠯᠬᠦ ᠪᠡᠷ ᠺᠣᠩᠷᠧᠰ ᠲᠤ ᠡᠷᠭᠦᠨ ᠪᠠᠷᠢᠭᠰᠠᠨ ᠶᠤᠮ᠃ ᠡᠨᠡ ᠬᠠᠤᠯᠢ ᠶᠢᠨ ᠲᠥᠰᠥᠯ ᠢ ᠲᠥᠯᠥᠭᠡᠯᠡᠭᠴᠢᠳ ᠦᠨ ᠲᠠᠩᠬᠢᠮ ᠳ᠋ᠡᠬᠢ ᠠᠷᠠᠳᠴᠢᠯᠠᠭᠰᠠᠨ ᠨᠠᠮ᠂ ᠪᠦᠭᠦᠳᠡ ᠨᠠᠶᠢᠷᠠᠮᠳᠠᠬᠤ ᠨᠠᠮ ᠤᠨ  ᠬᠡᠰᠡᠭ ᠲᠦᠯᠦᠭᠡᠯᠡᠭᠴᠢᠳ ᠳᠡᠮᠵᠢᠵᠦ ᠪᠠᠶᠢᠭ᠎ᠠ ᠶᠤᠮ ᠃ ᠡᠭᠦᠨ ᠡᠴᠡ ᠬᠤᠶᠢᠰᠢ ᠺᠣᠩᠷᠧᠰᠰ ᠤᠨ 116 ᠳ᠋ᠡᠬᠢ ᠪᠦᠷᠢᠯᠳᠦᠬᠦᠨ ᠰᠣᠩᠭᠣᠭᠳᠠᠭᠰᠠᠨ ᠲᠠᠢ ᠬᠣᠯᠪᠣᠭᠳᠠᠭᠤᠯᠤᠨ ᠳᠡᠭᠡᠷᠡᠬᠢ ᠬᠠᠤᠯᠢ ᠶᠢᠨ ᠲᠥᠰᠥᠯ ᠢ 2019 ᠣᠨ ᠤ ᠳᠥᠷᠪᠡᠳᠦᠭᠡᠷ ᠰᠠᠷ᠎ᠠ ᠶᠢᠨ 11 ᠍ ᠦ ᠡᠳᠦᠷ ᠰᠧᠨᠠᠲ ᠳᠠᠬᠢ ᠠᠷᠠᠳᠴᠢᠯᠠᠭᠰᠠᠨ ᠨᠠᠮ ᠤᠨ ᠭᠡᠰᠢᠭᠦᠨ ᠪᠧᠨ ᠺᠠᠷᠳᠢᠨ ᠺᠣᠩᠷᠧᠰ ᠲᠤ ᠳᠠᠬᠢᠨ ᠥᠷᠭᠡᠨ ᠪᠠᠷᠢᠯ᠎ᠠ ᠃
ᠡᠨᠡᠬᠦ ᠬᠠᠤᠯᠢ ᠶᠢᠨ ᠲᠥᠰᠥᠯ ᠢ ᠰᠧᠨᠠᠲ ᠳᠠᠬᠢ ᠪᠦᠭᠦᠳᠡ ᠨᠠᠶᠢᠷᠠᠮᠳᠠᠬᠤ ᠨᠠᠮ ᠤᠨ  ᠭᠡᠰᠢᠭᠦᠳ ᠳᠡᠮᠵᠢᠵᠦ ᠪᠠᠶᠢᠨ᠎ᠠ ᠃ ᠳᠠᠬᠢᠨ ᠡᠷᠭᠦᠨ ᠪᠠᠷᠢᠭᠰᠠᠨ ︽ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠬᠠᠤᠯᠢ︾ ᠪᠠᠲᠤᠯᠠᠭᠳᠠᠭᠰᠠᠨ ᠢᠶᠠᠷ ᠮᠣᠩᠭᠣᠯ ᠤᠨ ᠣᠶᠣᠮᠠᠯ᠂ ᠰᠦᠯᠵᠢᠮᠡᠯ ᠪᠦᠲᠦᠭᠡᠭᠳᠡᠬᠦᠨ ᠠᠮᠧᠷᠢᠺᠠ ᠶᠢᠨ ᠵᠠᠬ᠎ᠠ ᠵᠡᠭᠡᠯᠢ ᠳᠦ ᠲᠠᠲᠠᠪᠤᠷᠢ ᠦᠭᠡᠢ ᠡᠺᠰᠫᠣᠷᠲᠯᠠᠭᠳᠠᠨ᠎ᠠ ᠃ ᠮᠥᠨ ᠮᠣᠩᠭᠣᠯ ᠠᠮᠧᠷᠢᠺᠠ ᠶᠢᠨ ᠬᠣᠭᠣᠷᠣᠨᠳᠣᠬᠢ ᠬᠤᠳᠠᠯᠳᠤᠭ᠎ᠠ ᠨᠡᠮᠡᠭᠳᠡᠬᠦ ᠡᠴᠡ ᠭᠠᠳᠠᠨ᠎ᠠ ᠣᠶᠣᠮᠠᠯ᠂ ᠰᠦᠯᠵᠢᠮᠡᠯ ᠪᠦᠲᠦᠭᠡᠭᠳᠡᠬᠦᠨ ᠦ ᠰᠠᠯᠪᠤᠷᠢ ᠳᠤ ᠮᠣᠩᠭᠣᠯ ᠡᠮᠡᠭᠲᠡᠶᠢᠴᠦᠳ ᠦᠨ ᠠᠵᠢᠯ ᠤᠨ ᠪᠠᠶᠢᠷᠢ ᠣᠯᠠᠨ ᠢᠶᠠᠷ ᠨᠡᠮᠡᠭᠳᠡᠨ᠎ᠡ ᠭᠡᠵᠦ ᠦᠵᠡᠵᠦ ᠪᠠᠶᠢᠭ᠎ᠠ ᠲᠤᠯᠠ ᠮᠣᠩᠭᠣᠯ ᠤᠯᠤᠰ ᠤᠨ ᠶᠡᠷᠦᠩᠬᠡᠶᠢᠯᠡᠭᠴᠢ ᠳᠡᠭᠡᠷᠡᠬᠢ ᠬᠠᠤᠯᠢ ᠶᠢᠨ ᠲᠥᠰᠥᠯ ᠢ ᠪᠦᠷᠢᠨ ᠳᠦᠭᠦᠷᠡᠩ ᠳᠡᠮᠵᠢᠬᠦ ᠪᠡᠨ ᠢᠯᠡᠷᠬᠡᠶᠢᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ