ᠰᠠᠶᠢᠳ ᠳ∙ᠴᠣᠭᠲᠤᠪᠠᠭᠠᠲᠤᠷ ᠹᠷᠠᠨᠼᠢ ᠳᠤ ᠵᠠᠬᠢᠳᠠᠯ ᠢᠯᠡᠭᠡᠵᠡᠢ | News.MN

ᠰᠠᠶᠢᠳ ᠳ∙ᠴᠣᠭᠲᠤᠪᠠᠭᠠᠲᠤᠷ ᠹᠷᠠᠨᠼᠢ ᠳᠤ ᠵᠠᠬᠢᠳᠠᠯ ᠢᠯᠡᠭᠡᠵᠡᠢ

ᠡᠷᠲᠡᠨ ᠦ ᠲᠡᠦᠬᠡ᠂ ᠰᠤᠶᠤᠯ ᠢᠷᠭᠡᠨᠰᠢᠯ ᠦᠨ ᠥᠯᠥᠭᠡᠢ ᠦᠵᠡᠰᠬᠦᠯᠡᠩᠲᠦ ᠫᠠᠷᠢᠰ ᠬᠣᠲᠠ ᠶᠢᠨ ᠡᠬᠡ ᠳᠠᠭᠢᠨᠢ ᠶᠢᠨ ᠰᠦᠮ᠎ᠡ ᠳᠦ ᠭᠠᠯ ᠭᠠᠷᠴᠤ᠂ ᠹᠷᠠᠨᠼᠢ ᠶᠢᠨ ᠠᠷᠠᠳ ᠲᠦᠮᠡᠨ ᠳᠦ ᠲᠡᠳᠦᠢ ᠦᠭᠡᠢ ᠳᠡᠯᠡᠬᠡᠢ ᠶᠢᠨ ᠰᠤᠶᠤᠯ ᠤᠨ ᠦᠨᠡᠲᠦ ᠥᠪ ᠲᠦ ᠨᠥᠬᠥᠵᠦ ᠪᠠᠷᠠᠰᠢ ᠦᠭᠡᠢ ᠬᠣᠬᠢᠷᠠᠯ ᠤᠴᠠᠷᠠᠭᠰᠠᠨ ᠳᠤ ᠭᠦᠨ᠎ᠡ ᠬᠠᠷᠠᠮᠰᠠᠵᠤ ᠪᠤᠢ  ᠪᠠᠨ ᠢᠯᠡᠷᠬᠡᠶᠢᠯᠡᠵᠦ ᠂ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠠᠴᠠ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠧᠦ᠋ᠷᠣᠫᠠ᠂ ᠭᠠᠳᠠᠭᠠᠳᠤ ᠬᠡᠷᠡᠭ ᠦᠨ ᠰᠠᠶᠢᠳ ᠨᠣᠶᠠᠨ  ᠵᠠᠨ  ᠢᠪ  ᠯᠦᠸ᠋ᠸ ᠳ᠋ᠷᠢᠶᠠᠨ ᠳᠤ ᠥᠴᠥᠭᠡᠳᠦᠷ ᠵᠠᠬᠢᠳᠠᠯ ᠢᠯᠡᠭᠡᠭᠰᠡᠨ ᠪᠠᠶᠢᠨ᠎ᠠ᠃

ᠵᠠᠬᠢᠳᠠᠯ ᠳᠤ ᠄ ᠳᠡᠯᠡᠬᠡᠢ ᠶᠢᠨ ᠲᠡᠦᠬᠡ᠂ ᠰᠤᠶᠤᠯ ᠤᠨ ᠬᠣᠣᠰ ᠦᠭᠡᠢ ᠥᠪ ᠫᠠᠷᠢᠰ ᠤᠨ ᠡᠬᠡ ᠳᠠᠭᠢᠨᠢ ᠶᠢᠨ ᠰᠦᠮ᠎ᠡ ᠭᠠᠯ ᠭᠠᠷᠴᠤ᠂ ᠹᠷᠠᠨᠼᠢ ᠤᠯᠤᠰ ᠪᠣᠯᠤᠨ ᠬᠦᠮᠦᠨ ᠲᠥᠷᠥᠯᠬᠢᠲᠡᠨ ᠦ ᠰᠤᠶᠤᠯ ᠤᠨ ᠲᠡᠦᠬᠡᠨ ᠳᠦ ᠨᠥᠬᠥᠵᠦ ᠪᠠᠷᠠᠰᠢ ᠦᠭᠡᠢ ᠬᠣᠬᠢᠷᠠᠯ ᠤᠴᠠᠷᠠᠭᠰᠠᠨ ᠳᠤ ᠮᠢᠨᠦ ᠪᠡᠶ᠎ᠡ ᠭᠦᠨ᠎ᠡ ᠬᠠᠷᠠᠮᠰᠠᠵᠤ ᠪᠠᠶᠢᠨ᠎ᠠ᠃ ᠲᠡᠦᠬᠡᠨ ᠣᠨ ᠴᠠᠭ ᠢ ᠥᠨᠥ ᠬᠦᠷᠲᠡᠯ᠎ᠡ ᠪᠢᠳᠡᠨ ᠳᠦ ᠲᠣᠯᠢᠯᠠᠭᠤᠯᠵᠤ ᠢᠷᠡᠭᠰᠡᠨ ᠡᠨᠡᠬᠦ ᠪᠦᠲᠦᠭᠡᠨ ᠪᠠᠶᠢᠭᠤᠯᠤᠯᠲᠠ ᠶᠢ ᠹᠷᠠᠨᠼᠢ ᠤᠯᠤᠰ᠂ ᠹᠷᠠᠨᠼᠢ ᠶᠢᠨ ᠠᠷᠠᠳ ᠲᠦᠮᠡᠨ ᠰᠡᠷᠭᠦᠭᠡᠨ ᠪᠣᠰᠬᠠᠵᠤ᠂ ᠢᠷᠡᠭᠡᠳᠦᠢ ᠬᠣᠶᠢᠴᠢ  ᠦᠶ᠎ᠡ ᠳᠦ ᠪᠡᠨ  ︽ᠰᠢᠨ᠎ᠡ ᠡᠬᠡ ᠳᠠᠭᠢᠨᠢ︾ ᠶᠢ ᠦᠷᠭᠦᠯᠵᠢᠯᠡᠭᠦᠯᠦᠨ ᠥᠪᠯᠡᠭᠦᠯᠦᠨ᠎ᠡ ᠭᠡᠳᠡᠭ ᠲᠦ ᠪᠠᠲᠤ ᠢᠲᠡᠭᠡᠵᠦ ᠪᠠᠶᠢᠨ᠎ᠠ᠃
ᠰᠤᠶᠤᠯ ᠤᠨ ᠦᠨᠡᠲᠦ ᠥᠪ ᠢ ᠬᠠᠳᠠᠭᠠᠯᠠᠬᠤ᠂ ᠬᠠᠮᠠᠭᠠᠯᠠᠬᠤ ᠴᠢᠭᠯᠡᠯ ᠢᠶᠡᠷ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ ᠦᠨ ᠡᠭᠦᠷᠭᠡ ᠬᠠᠷᠢᠭᠤᠴᠠᠯᠭ᠎ᠠ᠂ ᠬᠠᠮᠲᠤ ᠶᠢᠨ ᠠᠵᠢᠯᠯᠠᠭ᠎ᠠ  ᠡᠶᠢᠮᠦ ᠰᠣᠷᠢᠯᠲᠠ ᠨᠤᠭᠤᠳ ᠤᠨ ᠡᠮᠦᠨ᠎ᠡ ᠤᠯᠠᠮ ᠪᠦᠷ ᠪᠡᠬᠢᠵᠢᠬᠦ ᠨᠢ ᠳᠠᠮᠵᠢᠭ ᠦᠭᠡᠢ᠃ ᠲᠡᠦᠬᠡ ᠶᠢᠨ  ᠨᠤᠭᠤᠴᠠᠭᠠᠨ ᠳᠤ ᠲᠡᠦᠬᠡ᠂ ᠰᠤᠶᠤᠯ ᠤᠨ ᠢᠶᠠᠨ  ᠭᠠᠶᠢᠬᠠᠮᠰᠢᠭᠲᠤ ᠥᠪ ᠦᠳ ᠡᠴᠡ ᠪᠡᠨ ᠬᠠᠭᠠᠴᠠᠵᠤ ᠪᠠᠶᠢᠭᠰᠠᠨ ᠭᠠᠰᠢᠭᠤᠨ ᠰᠤᠷᠭᠠᠮᠵᠢ ᠲᠠᠢ ᠮᠣᠩᠭᠣᠯ ᠠᠨᠳᠠ ᠨᠥᠬᠥᠳ ᠦᠨ ᠰᠡᠳᠬᠢᠯ ᠵᠢᠷᠦᠬᠡ ᠡᠨᠡ ᠴᠠᠭ ᠮᠥᠴᠡ ᠳᠦ ᠲᠠ ᠪᠦᠬᠦᠨ ᠲᠡᠢ ᠬᠠᠮᠲᠤ ᠪᠠᠶᠢᠭ᠎ᠠ ᠶᠢ ᠬᠦᠯᠢᠶᠡᠨ ᠠᠪᠤᠨ᠎ᠠ ᠤᠤ ᠭᠡᠵᠡᠢ᠃

ᠰᠡᠳᠬᠢᠭᠳᠡᠯ ᠦᠯᠡᠳᠡᠭᠡᠬᠦ