ᠤᠷᠤᠨ ᠲᠤᠭᠠᠨ ᠤ ᠪᠤᠰᠤ ᠵᠦᠪᠯᠡᠯ ᠬᠤᠷᠠᠯᠳᠤᠪᠠ | News.MN

ᠤᠷᠤᠨ ᠲᠤᠭᠠᠨ ᠤ ᠪᠤᠰᠤ ᠵᠦᠪᠯᠡᠯ ᠬᠤᠷᠠᠯᠳᠤᠪᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠫᠠᠷᠯᠠᠮᠧᠨᠲ ᠢᠶᠠᠷ ᠬᠡᠯᠡᠯᠴᠡᠬᠦ ᠬᠠᠤᠯᠢ᠂ ᠲᠥᠷᠥ ᠶᠢᠨ ᠪᠣᠳᠣᠯᠭ᠎ᠠ ᠶᠢᠨ ᠪᠠᠷᠢᠮᠲᠠ ᠪᠢᠴᠢᠭ ᠢ ᠪᠣᠯᠪᠠᠰᠤᠷᠠᠭᠤᠯᠬᠤ᠂ ᠬᠡᠷᠡᠭᠵᠢᠭᠦᠯᠬᠦ᠂ ᠰᠤᠷᠲᠠᠯᠴᠢᠯᠠᠬᠤ ᠦᠢᠯᠡ ᠠᠵᠢᠯᠯᠠᠭᠠᠨ ᠳᠤ ᠮᠡᠷᠭᠡᠵᠢᠯ ᠦᠨ ᠪᠣᠯᠤᠨ ᠰᠢᠨᠵᠢᠯᠡᠬᠦ ᠤᠬᠠᠭᠠᠨ ᠤ ᠮᠡᠳᠡᠯᠭᠡ᠂ ᠮᠡᠳᠡᠭᠡᠯᠡᠯ ᠢᠶᠡᠷ ᠳᠡᠮᠵᠢᠯᠭᠡ ᠦᠵᠡᠭᠦᠯᠬᠦ᠂ ᠵᠥᠪᠯᠡᠬᠦ ᠴᠢᠭ ᠡᠭᠦᠷᠭᠡ ᠪᠦᠬᠦᠢ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠣᠷᠣᠨ ᠲᠣᠭᠠᠨ ᠤ ᠪᠤᠰᠤ  ︽ᠪᠣᠳᠣᠯᠭ᠎ᠠ ᠶᠢᠨ ᠵᠥᠪᠯᠡᠯ ᠪᠠᠶᠢᠭᠤᠯᠬᠤ ᠲᠤᠬᠠᠢ︾ ᠵᠠᠬᠢᠷᠤᠮᠵᠢ ᠭᠠᠷᠭᠠᠭᠰᠠᠨ ᠪᠢᠯᠡ᠃ ᠲᠤᠰ ᠵᠥᠪᠯᠡᠯ ᠦᠨ ᠠᠩᠬᠠᠨ ᠤ ᠬᠤᠷᠠᠯᠳᠤᠭᠠᠨ ᠥᠨᠥᠳᠥᠷ ︵2019.04.17 ︶ ᠪᠣᠯᠵᠤ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠪᠣᠳᠣᠯᠭ᠎ᠠ ᠶᠢᠨ ᠵᠥᠪᠯᠡᠯ ᠪᠠᠶᠢᠭᠤᠯᠤᠭᠰᠠᠨ ᠵᠣᠷᠢᠯᠭ᠎ᠠ᠂ ᠦᠢᠯᠡ ᠠᠵᠢᠯᠯᠠᠭᠠᠨ ᠤ ᠴᠢᠭᠯᠡᠯ᠂ ᠣᠶᠢᠷ᠎ᠠ ᠶᠢᠨ ᠦᠶ᠎ᠡ ᠳᠦ ᠬᠢᠵᠦ ᠬᠡᠷᠡᠭᠵᠢᠭᠦᠯᠬᠦ᠂ ᠠᠩᠬᠠᠷᠬᠤ ᠠᠰᠠᠭᠤᠳᠠᠯ ᠤᠨ ᠲᠠᠯ᠎ᠠ ᠪᠠᠷ ᠮᠡᠳᠡᠭᠡᠯᠡᠯ ᠥᠭᠪᠡ᠃ ᠬᠤᠷᠠᠯ ᠢᠶᠠᠷ ᠣᠷᠣᠨ ᠲᠣᠭᠠᠨ ᠤ ᠪᠤᠰᠤ ᠵᠥᠪᠯᠡᠯ ᠦᠨ ᠠᠵᠢᠯᠯᠠᠬᠤ ᠵᠢᠷᠤᠮ ᠢ ᠪᠠᠲᠤᠯᠠᠬᠤ᠂ ᠮᠣᠩᠭᠣᠯ  ︽ᠤᠯᠤᠰ ᠤᠨ ᠶᠡᠬᠡ ᠬᠤᠷᠠᠯ ᠤᠨ ᠬᠤᠷᠠᠯᠳᠤᠭᠠᠨ ᠤ ᠳᠢᠭ ᠦᠨ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ︾ ᠬᠠᠤᠯᠢ ᠶᠢᠨ ᠲᠥᠰᠥᠯ᠂  ︽ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ ᠦ ᠶᠣᠰᠣ ᠵᠦᠢ ᠶᠢᠨ ᠳᠦᠷᠢᠮ ᠳᠦ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ︾ ᠲᠥᠰᠥᠯ ᠦᠳ ᠢ ᠬᠡᠯᠡᠯᠴᠡᠨ᠂ ᠰᠠᠨᠠᠯ ᠥᠭᠬᠦ ᠲᠤᠬᠠᠢ ᠵᠡᠷᠭᠡ ᠠᠰᠠᠭᠤᠳᠠᠯ ᠤᠳ ᠢ ᠬᠡᠯᠡᠯᠴᠡᠪᠡ᠃
ᠪᠣᠳᠣᠯᠭ᠎ᠠ ᠶᠢᠨ ᠵᠥᠪᠯᠡᠯ ᠦᠨ ᠭᠡᠰᠢᠭᠦᠳ ᠵᠥᠪᠯᠡᠯ ᠦᠨ ᠠᠵᠢᠯᠯᠠᠬᠤ ᠵᠢᠷᠤᠮ ᠤᠨ ᠲᠥᠰᠥᠯ ᠢ ᠬᠡᠯᠡᠯᠴᠡᠭᠡᠳ᠂ ᠭᠡᠰᠢᠭᠦᠳ ᠦᠨ ᠭᠠᠷᠭᠠᠭᠰᠠᠨ ᠰᠠᠨᠠᠯ ᠢ ᠲᠤᠰᠬᠠᠵᠤ ᠪᠠᠲᠤᠯᠠᠬᠤ ᠨᠢ ᠵᠦᠢᠲᠡᠢ ᠭᠡᠵᠦ ᠦᠵᠡᠯ᠎ᠡ᠃ ᠵᠥᠪᠯᠡᠯ ᠨᠢ᠄ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠦᠢᠯᠡ ᠠᠵᠢᠯᠯᠠᠭᠠᠨ ᠳᠤ ᠮᠡᠷᠭᠡᠵᠢᠯ ᠦᠨ ᠪᠣᠯᠤᠨ ᠰᠢᠨᠵᠢᠯᠡᠬᠦ ᠤᠬᠠᠭᠠᠨ ᠤ ᠮᠡᠳᠡᠯᠭᠡ᠂ ᠮᠡᠳᠡᠭᠡᠯᠡᠯ ᠢᠶᠡᠷ ᠳᠡᠮᠵᠢᠯᠭᠡ ᠦᠵᠡᠭᠦᠯᠬᠦ᠂ ᠵᠥᠪᠯᠡᠮᠵᠢ ᠥᠭᠬᠦ ︔ ᠤᠯᠤᠰ ᠤᠨ ᠶᠡᠬᠡ ᠬᠤᠷᠠᠯ ᠪᠠᠷ ᠬᠡᠯᠡᠯᠴᠡᠬᠦ ᠬᠠᠤᠯᠢ᠂ ᠲᠥᠷᠥ ᠶᠢᠨ ᠪᠣᠳᠣᠯᠭ᠎ᠠ ᠶᠢᠨ ᠪᠠᠷᠢᠮᠲᠠ ᠪᠢᠴᠢᠭ ᠢ ᠪᠣᠯᠪᠠᠰᠤᠷᠠᠭᠤᠯᠬᠤ᠂ ᠬᠡᠷᠡᠭᠵᠢᠭᠦᠯᠬᠦ᠂ ᠰᠤᠷᠲᠠᠯᠴᠢᠯᠠᠬᠤ ᠠᠵᠢᠯ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠠᠴᠠ ᠡᠭᠦᠷᠭᠡ ᠪᠣᠯᠭᠠᠭᠰᠠᠨ ᠠᠰᠠᠭᠤᠳᠠᠯ ᠢᠶᠠᠷ ᠰᠤᠳᠤᠯᠭ᠎ᠠ᠂ ᠮᠡᠳᠡᠭᠡᠯᠡᠯ ᠦᠨ ᠳᠡᠮᠵᠢᠯᠭᠡ ᠦᠵᠡᠭᠦᠯᠬᠦ ︔ ᠤᠯᠤᠰ ᠤᠨ ᠶᠡᠬᠡ ᠬᠤᠷᠠᠯ ᠤᠨ ᠪᠦᠷᠢᠨ ᠡᠷᠬᠡ ᠳᠦ ᠬᠠᠮᠢᠶᠠᠷᠬᠤ ᠲᠣᠳᠣᠷᠬᠠᠢ ᠠᠰᠠᠭᠤᠳᠠᠯ ᠢᠶᠠᠷ ᠰᠤᠳᠤᠯᠭ᠎ᠠ᠂ ᠰᠢᠨᠵᠢᠯᠡᠭᠡ ᠬᠢᠵᠦ᠂ ᠰᠠᠨᠠᠯ ᠳ᠋ᠦᠩᠨᠡᠯᠲᠡ ᠪᠣᠯᠪᠠᠰᠤᠷᠠᠭᠤᠯᠬᠤ ᠵᠡᠷᠭᠡ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠬᠤ ᠪᠠᠷ ᠵᠢᠷᠤᠮ ᠤᠨ ᠲᠥᠰᠥᠯ ᠳᠦ ᠲᠤᠰᠬᠠᠵᠠᠢ᠃

ᠰᠡᠳᠬᠢᠭᠳᠡᠯ ᠦᠯᠡᠳᠡᠭᠡᠬᠦ