ᠽ∙ᠴᠡᠯᠮᠡᠭᠦᠨ ᠬᠦᠷᠡᠯ᠂ ᠪ∙ᠶᠢᠰᠦᠬᠡᠢ ᠮᠥᠩᠭᠥᠨ ᠮᠧᠳᠠᠯ ᠤᠨ ᠡᠵᠡᠨ ᠪᠣᠯᠤᠯ᠎ᠠ | News.MN

ᠽ∙ᠴᠡᠯᠮᠡᠭᠦᠨ ᠬᠦᠷᠡᠯ᠂ ᠪ∙ᠶᠢᠰᠦᠬᠡᠢ ᠮᠥᠩᠭᠥᠨ ᠮᠧᠳᠠᠯ ᠤᠨ ᠡᠵᠡᠨ ᠪᠣᠯᠤᠯ᠎ᠠ

ᠵᠶᠤ᠋ ᠵᠢᠴᠦ᠋ ᠶᠢᠨ ᠥᠰᠪᠦᠷᠢ ᠦᠶ᠎ᠡ᠂ ᠵᠠᠯᠠᠭᠤᠴᠤᠳ᠂ ᠨᠠᠰᠤᠨ ᠳᠤ ᠬᠦᠷᠦᠭᠰᠡᠳ ᠦᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠠᠪᠤ  ᠳ᠋ᠠᠪᠢ ᠬᠤᠲᠠ ᠳᠤ ᠥᠴᠥᠭᠡᠳᠦᠷ ᠡᠬᠢᠯᠡᠯ᠎ᠡ᠃ 11 ᠳ᠋ᠡᠬᠢ ᠤᠳᠠᠭ᠎ᠠ ᠶᠢᠨ ᠲᠡᠮᠡᠴᠡᠭᠡᠨ ᠳᠦ 100 ᠭᠠᠷᠤᠢ ᠣᠷᠣᠨ ᠤ ᠲᠠᠮᠢᠷᠴᠢᠳ ᠰᠢᠯᠢᠳᠡᠭ ᠦᠳ ᠢᠶᠡᠨ ᠲᠣᠳᠣᠷᠠᠭᠤᠯᠵᠤ ᠪᠠᠶᠢᠨ᠎ᠠ᠃
ᠦᠬᠢᠳ ᠤᠨ 22 ᠺᠢᠯᠦᠭᠷᠡᠮ ᠤᠨ ᠵᠢᠩ ᠳᠦ ᠽ∙ᠴᠡᠯᠮᠡᠭᠦᠨ ᠬᠦᠷᠡᠯ ᠮᠧᠳᠠᠯ ᠬᠦᠷᠲᠡᠵᠦ ᠂ ᠪᠠᠭ ᠤᠨ ᠢᠶᠠᠨ ᠠᠩᠬᠠᠨ ᠤ ᠮᠧᠳᠠᠯ ᠤᠨ ᠡᠵᠡᠨ ᠪᠣᠯᠪᠠ᠃ ᠮᠥᠨ ᠬᠥᠪᠡᠭᠦᠳ ᠦᠨ 30 ᠺᠢᠯᠦᠭᠷᠡᠮ  ᠦᠨ ᠵᠢᠩ ᠳᠦ ᠪ∙ᠶᠢᠰᠦᠬᠡᠢ ᠮᠥᠩᠭᠥᠨ ᠮᠧᠳᠠᠯ ᠬᠦᠷᠲᠡᠭᠡᠳ ᠪᠠᠶᠢᠨ᠎ᠠ᠃ ᠡᠨᠡ ᠤᠳᠠᠭ᠎ᠠ ᠶᠢᠨ ᠥᠰᠪᠦᠷᠢ ᠶᠢᠨ ᠪᠠᠭ ᠤᠨ ᠠᠬᠠᠯᠠᠭᠴᠢ ᠪᠠᠷ ᠮᠣᠩᠭᠣᠯ ᠤᠨ ᠵᠶᠤ᠋ ᠵᠢᠴᠦ᠋ ᠶᠢᠨ ᠬᠣᠯᠪᠣᠭᠠᠨ ᠤ ᠳᠡᠳ᠋ ᠶᠡᠷᠦᠩᠬᠡᠶᠢᠯᠡᠭᠴᠢ ᠳ∙ᠪᠠᠳᠠᠷᠠᠬᠤ᠂ ᠨᠠᠰᠤᠨ ᠳᠤ  ᠬᠦᠷᠦᠭᠰᠡᠳ ᠦᠨ ᠪᠠᠭ ᠤᠨ ᠠᠬᠠᠯᠠᠭᠴᠢ ᠪᠠᠷ ᠰ∙ᠵᠢᠪᠬᠤᠯᠠᠩ ᠨᠠᠷ ᠲᠣᠮᠢᠯᠠᠭᠳᠠᠭᠰᠠᠨ ᠪᠠᠶᠢᠨ᠎ᠠ᠃ ᠮᠥᠨ ᠮᠠᠰᠲ᠋ᠸᠷᠰ ᠠᠩᠭᠢᠯᠠᠯ ᠳᠤ ᠤᠷᠤᠯᠴᠠᠬᠤ ᠲᠠᠮᠢᠷᠴᠢᠨ ᠭᠡᠳ ᠨᠡᠶᠢᠲᠡ ᠳᠦ ᠪᠡᠨ 55 ᠲᠠᠮᠢᠷᠴᠢᠨ ᠠᠪᠤ ᠳ᠋ᠠᠪᠢ ᠬᠤᠲᠠ ᠳᠤ ᠪᠣᠯᠵᠤ ᠪᠤᠢ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠥᠷᠢᠰᠦᠯᠳᠦᠵᠦ ᠪᠠᠶᠢᠨ᠎ᠠ᠃ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠥᠷᠪᠡᠳᠦᠭᠡᠷ ᠰᠠᠷ᠎ᠠ ᠶᠢᠨ 26  ᠤ ᠡᠳᠦᠷ ᠥᠨᠳᠥᠷᠯᠡᠨ᠎ᠡ᠃

ᠰᠡᠳᠬᠢᠭᠳᠡᠯ ᠦᠯᠡᠳᠡᠭᠡᠬᠦ