ᠰᠢᠭᠦᠬᠦ ᠶᠢᠨ ᠰᠢᠢᠳᠪᠦᠷᠢ ᠶᠢ ᠢᠯᠡ ᠪᠣᠯᠭᠠᠬᠤ ᠶᠢ ᠱᠠᠭᠠᠷᠳᠠᠯ᠎ᠠ | News.MN

ᠰᠢᠭᠦᠬᠦ ᠶᠢᠨ ᠰᠢᠢᠳᠪᠦᠷᠢ ᠶᠢ ᠢᠯᠡ ᠪᠣᠯᠭᠠᠬᠤ ᠶᠢ ᠱᠠᠭᠠᠷᠳᠠᠯ᠎ᠠ

ᠢᠷᠭᠡᠨ ᠦ ᠵᠣᠷᠢᠭ ᠨᠣᠭᠣᠭᠠᠨ ᠨᠠᠮ  ᠮᠡᠳᠡᠭᠡᠯᠡᠯ ᠬᠢᠵᠤ ᠂ ᠰ ∙ᠵᠣᠷᠢᠭ ᠠᠭᠰᠠᠨ ᠤ ᠬᠡᠷᠡᠭ ᠢ ᠨᠢᠭᠤᠴᠠ ᠠᠴᠠ ᠭᠠᠷᠭᠠᠵᠤ᠂ ᠰᠢᠢᠳᠪᠦᠷᠢᠯᠡᠵᠦ ᠥᠭᠬᠦ ᠶᠢ ᠱᠠᠭᠠᠷᠳᠠᠵᠤ ᠪᠠᠶᠢᠭ᠎ᠠ ᠠᠵᠠᠢ᠃ ᠮᠥᠨ ᠰᠢᠭᠦᠬᠦ ᠶᠢᠨ ᠭᠤᠷᠪᠠᠨ ᠱᠠᠲᠤᠨ ᠤ ᠰᠢᠢᠳᠪᠦᠷᠢ ᠶᠢ ᠣᠯᠠᠨ ᠨᠡᠶᠢᠲᠡ ᠳᠦ ᠢᠯᠡ ᠪᠣᠯᠭᠠᠬᠤ ᠶᠢ ᠱᠠᠭᠠᠷᠳᠠᠵᠤ ᠪᠠᠶᠢᠭ᠎ᠠ ᠶᠤᠮ ᠪᠠᠶᠢᠨ᠎ᠠ᠃ ᠢᠷᠭᠡᠨ ᠦ ᠵᠤᠷᠢᠭ ᠨᠤᠭᠤᠭᠠᠨ ᠨᠠᠮ ᠤᠨ ᠳᠠᠷᠤᠭ᠎ᠠ ᠼ∙ᠭᠠᠩᠬᠤᠶᠠᠭ ᠬᠡᠯᠡᠬᠦ ᠳᠦ ᠪᠡᠨ᠄ ᠲᠥᠷᠥ ᠨᠡᠶᠢᠭᠡᠮ ᠤᠨ ᠵᠢᠳᠬᠦᠯᠲᠡᠨ ᠰ∙ᠵᠤᠷᠢᠭ ᠢ ᠣᠨᠴᠠ ᠬᠡᠷᠴᠡᠭᠡᠢ ᠪᠡᠷ ᠬᠥᠨᠥᠭᠡᠭᠰᠡᠨ ᠬᠡᠷᠡᠭ ᠰᠢᠢᠳᠦᠭᠳᠡᠭᠡ ᠦᠭᠡᠢ ᠡᠳᠦᠭᠡ 21 ᠵᠢᠯ ᠦᠨ ᠨᠢᠭᠤᠷ ᠦᠵᠡᠵᠦ ᠪᠠᠶᠢᠨ᠎ᠠ᠃ ᠲᠡᠷᠡ ᠪᠡᠷ ᠮᠣᠩᠭᠣᠯ ᠳᠤ ᠠᠩᠬ᠎ᠠ ᠠᠷᠠᠳᠴᠢᠯᠠᠯ  ᠤᠨ ᠰᠠᠯᠬᠢ ᠶᠢ ᠠᠪᠴᠢᠷᠠᠬᠤ ᠳᠤ ᠲᠤᠭ ᠨᠢ ᠪᠣᠯᠵᠤ ᠶᠠᠪᠤᠭᠰᠠᠨ ᠡᠶᠢᠮᠦ ᠵᠢᠳᠬᠦᠯᠲᠡᠨ᠃ ᠮᠠᠷᠭᠠᠰᠢ ᠳᠥᠷᠪᠡᠳᠦᠭᠡᠷ ᠰᠠᠷ᠎ᠠ ᠶᠢᠨ 20  ᠤ ᠡᠳᠦᠷ ᠰ∙ᠵᠣᠷᠢᠭ ᠠᠭᠰᠠᠨ ᠤ ᠲᠦᠷᠦᠭᠰᠡᠨ ᠡᠳᠦᠷ ᠲᠣᠬᠢᠶᠠᠵᠤ ᠪᠠᠶᠢᠨ᠎ᠠ᠃

ᠰᠡᠭᠦᠯ ᠦᠨ ᠦᠶ᠎ᠡ ᠳᠦ ᠨᠥᠬᠥᠴᠡᠯ ᠪᠠᠶᠢᠳᠠᠯ ᠶᠡᠬᠡ ᠡᠭᠡᠳᠡᠷᠡᠭᠡᠲᠡᠢ ᠲᠥᠪᠡᠭᠲᠡᠢ ᠪᠣᠯᠵᠤ ᠪᠠᠶᠢᠨ᠎ᠠ᠃ ᠢᠯᠠᠩᠭᠤᠶ᠎ᠠ ᠲᠥᠷᠥ ᠪᠠᠷᠢᠵᠤ ᠪᠠᠶᠢᠭ᠎ᠠ ᠬᠣᠶᠠᠷ ᠨᠠᠮ ᠤᠨ ᠰᠣᠩᠭᠣᠭᠤᠯᠢ ᠶᠢᠨ ᠡᠮᠦᠨ᠎ᠡ ᠣᠨᠣᠭ᠎ᠠ ᠠᠪᠬᠤ ᠭᠡᠰᠡᠨ ᠬᠡᠷᠡᠭᠰᠡᠯ ᠪᠣᠯᠵᠤ ᠪᠠᠶᠢᠭ᠎ᠠ ᠳᠤ ᠬᠠᠷᠠᠮᠰᠠᠵᠤ ᠪᠠᠶᠢᠨ᠎ᠠ᠃ ᠡᠨᠡ ᠬᠡᠷᠡᠭ ᠡᠷᠡᠭᠦᠳᠡᠨ ᠰᠢᠭᠦᠬᠦ ᠵᠠᠮ ᠢᠶᠠᠷ ᠨᠤᠲᠠᠯᠠᠬᠤ ᠪᠠᠷᠢᠮᠲᠠ ᠴᠤᠭᠯᠠᠭᠤᠯᠤᠭᠰᠠᠨ ᠬᠡᠷᠡᠭ ᠪᠣᠯᠵᠤ ᠲᠠᠭᠠᠷᠠᠭᠰᠠᠨ᠃ ᠲᠡᠶᠢᠮᠦ ᠡᠴᠡ ᠰᠢᠭᠦᠬᠦ ᠶᠢᠨ ᠭᠤᠷᠪᠠᠨ ᠱᠠᠲᠤᠨ ᠤ ᠮᠠᠲ᠋ᠧᠷᠢᠶᠠᠯ ᠢ ᠢᠯᠡ ᠪᠣᠯᠭᠠᠬᠤ ᠶᠢ ᠱᠠᠭᠠᠷᠳᠠᠵᠤ ᠪᠠᠶᠢᠨ᠎ᠠ᠃ ᠪᠢᠳᠡ ᠪᠦᠬᠦᠨ ᠥᠨᠥᠳᠥᠷ ᠪᠤᠯᠲᠠᠯ᠎ᠠ ᠲᠡᠪᠴᠢᠶᠡᠷᠢ ᠲᠡᠢ ᠬᠠᠨᠳᠤᠵᠤ ᠢᠷᠡᠭᠰᠡᠨ᠃ ᠡᠨᠡ ᠬᠡᠷᠡᠭ ᠢᠯᠡᠷᠡᠬᠦ ᠦᠭᠡᠢ ᠴᠤ ᠪᠠᠶᠢᠵᠤ ᠮᠠᠭᠠᠳ ᠦᠭᠡᠢ᠃ ᠨᠤᠲᠠᠯᠠᠬᠤ ᠪᠠᠷᠢᠮᠲᠠ ᠶᠢ ᠤᠰᠠᠳᠬᠠᠵᠤ ᠪᠣᠯᠵᠣᠰᠢ ᠦᠭᠡᠢ᠃ ᠡᠶᠢᠮᠦ ᠡᠴᠡ ᠪᠢᠳᠡ ᠪᠦᠬᠦᠨ ᠤᠯᠤᠰ ᠲᠥᠷᠥ ᠶᠢᠨ ᠲᠡᠮᠡᠴᠡᠯ ᠬᠢᠬᠦ ᠡᠴᠡ ᠥᠭᠡᠷ᠎ᠡ ᠠᠷᠭ᠎ᠠ ᠦᠭᠡᠢ ᠪᠠᠶᠢᠨ᠎ᠠ᠃
– ᠰᠣᠩᠭᠣᠭᠤᠯᠢ ᠲᠠᠢ ᠬᠣᠯᠪᠣᠭ᠎ᠠ ᠲᠠᠢ ᠱᠣᠤᠳᠠᠵᠤ  ᠪᠠᠶᠢᠭ᠎ᠠ ᠶᠤᠮ ᠪᠢᠰᠢ ᠤᠤ
– ᠪᠢᠳᠡ ᠨᠠᠷ ᠵᠥᠪᠬᠡᠨ ᠰᠢᠭᠦᠬᠦ ᠶᠢᠨ ᠰᠢᠢᠳᠪᠦᠷᠢ ᠶᠢ ᠢᠯᠡ ᠪᠣᠯᠭ᠎ᠠ ᠯᠠ ᠭᠡᠰᠡᠨ ᠱᠠᠭᠠᠷᠳᠠᠯᠭ᠎ᠠ ᠲᠠᠯᠪᠢᠵᠤ ᠪᠠᠶᠢᠨ᠎ᠠ᠃ ᠥᠭᠡᠷ᠎ᠡ ᠠᠰᠠᠭᠤᠳᠠᠯ ᠪᠠᠶᠢᠬᠤ ᠦᠭᠡᠢ᠃ ᠤᠯᠤᠰ ᠲᠥᠷᠦᠴᠢᠳ ᠣᠯᠠᠨ ᠤᠳᠠᠭ᠎ᠠ ᠮᠡᠳᠡᠭᠳᠡᠯ ᠬᠢᠭᠡᠳ ᠯᠠ ᠪᠠᠶᠢᠭ᠎ᠠ ᠰᠢᠦ ᠳ᠋ᠡ᠃  ᠶᠠᠭᠠᠬᠢᠬᠤ ᠪᠠᠷ  ᠢᠶᠠᠨ ᠡᠨᠡ ᠬᠡᠷᠡᠭ ᠦᠨᠳᠦᠰᠦᠨ ᠦ ᠠᠶᠤᠯ ᠦᠭᠡᠢ ᠪᠠᠶᠢᠳᠠᠯ ᠳᠤ ᠬᠠᠮᠢᠶᠠᠷᠳᠠᠭ ᠶᠤᠮ ᠪᠤᠢ᠃ ᠲᠡᠷᠡ ᠨᠢᠭᠤᠴᠠ ᠠᠴᠠ ᠳᠡᠯᠭᠡᠭᠡᠳ ᠶᠠᠪᠤᠵᠤ ᠪᠠᠶᠢᠨ᠎ᠠ ᠂ ᠵᠠᠷᠢᠮ ᠰᠠᠶᠢᠲ ᠲᠤ᠃ ᠡᠨᠳᠡ ᠶᠠᠮᠠᠷ ᠴᠤ ᠰᠣᠩᠭᠣᠭᠤᠯᠢ ᠶᠢᠨ ᠠᠰᠠᠭᠤᠳᠠᠯ ᠬᠠᠮᠢᠶ᠎ᠠ ᠦᠭᠡᠢ᠃ ᠮᠥᠨ ᠪᠢᠳᠡ ᠨᠠᠷ ᠲᠥᠷᠥ ᠶᠢᠨ ᠨᠢᠭᠤᠴᠠ ᠠᠴᠠ ᠡᠨᠡ ᠬᠡᠷᠡᠭ ᠢ ᠭᠠᠷᠭ᠎ᠠ ᠯᠠ ᠭᠡᠵᠦ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ