ᠮᠤᠩᠭᠤᠯ ᠰᠤᠳᠤᠯᠤᠯ ᠢ ᠳᠡᠮᠵᠢᠬᠦ ᠪᠡᠨ ᠢᠯᠡᠷᠬᠡᠶᠢᠯᠡᠯ᠎ᠡ | News.MN

ᠮᠤᠩᠭᠤᠯ ᠰᠤᠳᠤᠯᠤᠯ ᠢ ᠳᠡᠮᠵᠢᠬᠦ ᠪᠡᠨ ᠢᠯᠡᠷᠬᠡᠶᠢᠯᠡᠯ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ︽ᠮᠣᠩᠭᠣᠯᠴᠤᠳ ᠤᠨ ᠰᠤᠶᠤᠯ ᠤᠨ ᠥᠪ᠄ ᠭᠠᠷ ᠪᠢᠴᠢᠮᠡᠯ ᠪᠠ ᠠᠷᠬᠢᠪ ᠤᠨ ᠪᠠᠷᠢᠮᠲᠠ ᠶᠢᠨ ᠴᠤᠭᠯᠠᠭᠤᠯᠭ᠎ᠠ ︾  ᠳᠦᠷᠪᠡᠳᠡᠬᠢ ᠤᠳᠠᠭ᠎ᠠ ᠶᠢᠨ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠤᠯᠠᠭᠠᠨᠪᠠᠭᠠᠲᠤᠷ ᠬᠤᠲᠠ ᠳᠤ ᠡᠨᠡ ᠰᠠᠷ᠎ᠠ ᠶᠢᠨ 18-19 ᠍ ᠳᠦ  ᠪᠤᠯᠵᠠᠢ ᠃ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ  ᠲᠡᠦᠬᠡ ᠠᠷᠬᠧᠣᠯᠣᠭᠢ ᠶᠢᠨ ᠬᠦᠷᠢᠶᠡᠯᠡᠩ᠂ ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭ᠎ᠠ᠂ ᠣᠷᠣᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠳᠤᠷᠤᠨᠠᠳᠠᠬᠢᠨ ᠤ ᠭᠠᠷ ᠪᠢᠴᠢᠮᠡᠯ ᠦᠨ ᠬᠦᠷᠢᠶᠡᠯᠡᠩ ᠬᠠᠮᠲᠤᠷᠠᠨ ᠵᠣᠬᠢᠶᠠᠨ ᠪᠠᠶᠢᠭᠤᠯᠵᠤ ᠪᠤᠢ ᠲᠤᠰ ᠬᠤᠷᠠᠯ ᠳᠤ ᠣᠷᠣᠯᠴᠠᠬᠤ ᠪᠠᠷ ᠢᠷᠡᠭᠰᠡᠨ ᠣᠯᠠᠨ ᠤᠯᠤᠰ ᠤᠨ ᠮᠣᠩᠭᠣᠯ ᠰᠤᠳᠤᠯᠤᠭᠠᠴᠢ ᠡᠷᠳᠡᠮᠲᠡᠳ ᠦᠨ ᠲᠥᠯᠥᠭᠡᠯᠡᠯ ᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠲᠥᠷᠥ ᠶᠢᠨ ᠣᠷᠳᠣᠨ ᠳᠤ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠶᠢᠨ ᠡᠬᠢᠨ ᠳᠦ ᠲᠡᠷᠡᠪᠡᠷ ᠣᠯᠠᠨ ᠤᠯᠤᠰ ᠤᠨ ᠡᠷᠳᠡᠮ ᠰᠢᠨᠵᠢᠯᠡᠭᠡᠨ ᠦ ᠳᠦᠷᠪᠡᠳᠦᠭᠡᠷ ᠬᠤᠷᠠᠯ ᠢ ᠬᠠᠮᠲᠤᠷᠠᠨ ᠵᠣᠬᠢᠶᠠᠨ ᠪᠠᠶᠢᠭᠤᠯᠵᠤ᠂ ᠠᠴᠢ ᠬᠣᠯᠪᠣᠭᠳᠠᠯ ᠲᠠᠢ ᠢᠯᠡᠳᠬᠡᠯ ᠬᠡᠯᠡᠯᠴᠡᠭᠦᠯᠵᠦ ᠪᠠᠶᠢᠭ᠎ᠠ ᠮᠣᠩᠭᠣᠯ ᠰᠤᠳᠤᠯᠤᠭᠠᠴᠢ ᠡᠷᠳᠡᠮᠲᠡᠳ ᠲᠦ ᠲᠠᠯᠠᠷᠬᠠᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠬᠤᠪᠢ ᠳᠤ᠂ ᠮᠣᠩᠭᠣᠯ ᠰᠤᠳᠤᠯᠤᠯ ᠢ ᠳᠡᠮᠵᠢᠨ᠎ᠡ ᠭᠡᠳᠡᠭ ᠢᠶᠡᠨ ᠢᠯᠡᠷᠬᠡᠶᠢᠯᠡᠪᠡ᠃ ᠮᠥᠨ ᠮᠣᠩᠭᠣᠯ ᠰᠤᠳᠤᠯᠤᠯ᠂ ᠮᠣᠩᠭᠣᠯ ᠤᠨ ᠲᠡᠦᠬᠡ᠂ ᠰᠤᠶᠤᠯ ᠤᠨ ᠥᠪ ᠢ ᠰᠤᠳᠤᠯᠬᠤ ᠳᠤ ᠭᠣᠣᠯ ᠡᠭᠦᠷᠭᠡ ᠲᠡᠢ ᠮᠣᠩᠭᠣᠯ ᠰᠤᠳᠤᠯᠤᠭᠠᠴᠢᠳ ᠢᠷᠡᠭᠰᠡᠨ ᠳᠦ ᠲᠠᠯᠠᠷᠬᠠᠯ ᠢᠯᠡᠷᠬᠡᠶᠢᠯᠡᠬᠦ ᠶᠢᠨ ᠢᠯᠳᠠᠮ ᠳᠤ᠂ ᠢᠷᠡᠬᠦ ᠵᠢᠯ ᠲᠣᠬᠢᠶᠠᠬᠤ ᠬᠠᠷᠠᠬᠣᠷᠣᠮ ᠬᠣᠲᠠ ᠪᠠᠶᠢᠭᠤᠯᠤᠭᠰᠠᠨ ᠤ 800 ᠵᠢᠯ ᠦᠨ ᠣᠢ᠂ 2021 ᠣᠨ ᠳᠤ ᠪᠣᠯᠬᠤ ᠮᠣᠩᠭᠣᠯ ᠰᠤᠳᠤᠯᠤᠯ ᠤᠨ 12 ᠳ᠋ᠤᠭᠠᠷ ᠶᠡᠬᠡ ᠬᠤᠷᠠᠯ ᠳᠤ ᠢᠳᠡᠪᠬᠢᠲᠡᠢ ᠣᠷᠣᠯᠴᠠᠬᠤ ᠶᠢ ᠬᠦᠰᠡᠯ᠎ᠡ᠃ ᠡᠨᠡ ᠤᠳᠠᠭ᠎ᠠ ᠶᠢᠨ ᠬᠤᠷᠠᠯ ᠳᠤ ᠮᠣᠩᠭᠣᠯ ᠰᠤᠳᠤᠯᠤᠯ ᠤᠨ ᠤᠤᠭᠠᠨ ᠲᠥᠪ ᠰᠠᠨᠲ – ᠫᠸᠲᠸᠷᠪᠦ᠋ᠷᠡᠭ ᠬᠣᠲᠠ ᠶᠢᠨ ᠤᠯᠤᠰ ᠤᠨ ᠡᠷᠮᠢᠲ᠋ᠠᠵ ᠮᠦᠽᠧᠢ᠂ ᠳᠤᠷᠤᠨᠠᠳᠠᠬᠢᠨ ᠤ ᠭᠠᠷ ᠪᠢᠴᠢᠮᠡᠯ ᠦᠨ ᠬᠦᠷᠢᠶᠡᠯᠡᠩ᠂ ᠰᠠᠨᠲ – ᠫᠸᠲᠸᠷᠪᠦ᠋ᠷᠡᠭ  ᠦᠨ ᠰᠢᠨᠵᠢᠯᠡᠬᠦ ᠤᠬᠠᠭᠠᠨ ᠤ ᠠᠷᠬᠢᠪ᠂ ᠤᠯᠠᠭᠠᠨ-ᠦᠳᠡ ᠶᠢᠨ ᠮᠣᠩᠭᠣᠯ᠂ ᠪᠤᠳ᠋ᠳ᠋ᠾᠠ ᠂ ᠲᠥᠪᠡᠳ ᠦᠨ ᠰᠤᠳᠤᠯᠤᠯ ᠤᠨ ᠬᠦᠷᠢᠶᠡᠯᠡᠩ᠂ ᠣᠷᠣᠰ ᠤᠨ ᠤᠭᠰᠠᠭᠠᠲᠠᠨ ᠤ ᠮᠦᠽᠧᠢ ᠶᠢᠨ  ᠨᠡᠷᠡᠲᠡᠢ ᠰᠤᠳᠤᠯᠤᠭᠠᠴᠢᠳ ᠤᠷᠤᠯᠴᠠᠯ᠎ᠠ᠃

ᠰᠡᠳᠬᠢᠭᠳᠡᠯ ᠦᠯᠡᠳᠡᠭᠡᠬᠦ