ᠬᠥᠰᠢᠶ᠎ᠡ ᠳᠤᠷᠠᠰᠬᠠᠯ ᠢᠶᠠᠨ ᠬᠠᠮᠠᠭᠠᠯᠠᠬᠤ ᠡᠳᠦᠷ ᠢ ᠲᠡᠮᠳᠡᠭᠯᠡᠨ ᠥᠩᠭᠡᠷᠡᠭᠦᠯᠵᠡᠢ | News.MN

ᠬᠥᠰᠢᠶ᠎ᠡ ᠳᠤᠷᠠᠰᠬᠠᠯ ᠢᠶᠠᠨ ᠬᠠᠮᠠᠭᠠᠯᠠᠬᠤ ᠡᠳᠦᠷ ᠢ ᠲᠡᠮᠳᠡᠭᠯᠡᠨ ᠥᠩᠭᠡᠷᠡᠭᠦᠯᠵᠡᠢ

ᠭᠣᠪᠢ-ᠠᠯᠲᠠᠢ ᠠᠶᠢᠮᠠᠭ ᠤᠨ ᠨᠠᠰᠤᠨ ᠲᠤᠷᠰᠢ ᠶᠢᠨ ᠪᠣᠯᠪᠠᠰᠤᠷᠠᠯ ᠤᠨ ᠲᠥᠪ ᠵᠢᠯ ᠪᠦᠷᠢ ᠶᠢᠨ ᠳᠥᠷᠪᠡᠳᠦᠭᠡᠷ ᠰᠠᠷ᠎ᠠ ᠳᠤ ᠲᠣᠬᠢᠶᠠᠳᠠᠭ ᠬᠥᠰᠢᠶ᠎ᠡ ᠳᠤᠷᠠᠰᠬᠠᠯ ᠢᠶᠠᠨ ᠬᠠᠮᠠᠭᠠᠯᠠᠬᠤ ᠣᠯᠠᠨ ᠤᠯᠤᠰ ᠤᠨ ᠡᠳᠦᠷ ᠢ ᠲᠡᠮᠳᠡᠭᠯᠡᠨ ᠥᠩᠭᠡᠷᠡᠭᠦᠯᠵᠡᠢ᠃ ᠤᠭ ᠡᠳᠦᠷ ᠢ ᠲᠣᠬᠢᠶᠠᠯᠳᠤᠭᠤᠯᠤᠨ ᠲᠤᠰ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠤᠨ ᠳᠡᠷᠭᠡᠳᠡᠬᠢ ᠨᠡᠶᠢᠲᠡᠯᠢᠭ ᠦᠢᠯᠡᠴᠢᠯᠡᠭᠡᠨ ᠦ ᠠᠯᠲᠠᠢ ᠬᠣᠲᠠ ᠶᠢᠨ ᠲᠣᠬᠢᠵᠢᠯᠲᠠ ᠦᠢᠯᠡᠴᠢᠯᠡᠭᠡᠨ ᠦ ᠭᠠᠵᠠᠷ ᠪᠣᠯᠤᠨ ᠪᠦᠬᠦ ᠰᠤᠮᠤ ᠶᠢᠨ ᠨᠠᠰᠤᠨ ᠲᠤᠷᠰᠢ ᠶᠢᠨ ᠪᠣᠯᠪᠠᠰᠤᠷᠠᠯ ᠤᠨ ᠨᠢᠭᠡᠴᠡ ᠶᠢᠨ ᠪᠠᠭᠰᠢ ᠨᠠᠷ  ᠬᠠᠮᠲᠤᠷᠠᠨ ᠰᠤᠶᠤᠯ ᠤᠨ ᠦᠨᠡᠲᠦ ᠥᠪ ᠪᠣᠯᠤᠭᠰᠠᠨ ᠬᠥᠰᠢᠶ᠎ᠡ ᠳᠤᠷᠠᠰᠬᠠᠯ ᠢ ᠰᠡᠷᠭᠦᠭᠡᠨ ᠵᠠᠰᠠᠪᠤᠷᠢᠯᠠᠬᠤ᠂ ᠣᠯᠠᠨ ᠨᠡᠶᠢᠲᠡ ᠶᠢᠨ ᠡᠵᠡᠮᠰᠢᠯ ᠦᠨ ᠲᠡᠦᠬᠡᠨ ᠬᠥᠰᠢᠶ᠎ᠡ ᠪᠠᠷᠢᠮᠠᠯ ᠤᠳ ᠤᠨ ᠣᠶᠢᠷ᠎ᠠ ᠣᠷᠴᠢᠮ ᠤᠨ ᠬᠣᠭ ᠢ ᠴᠡᠪᠡᠷᠯᠡᠨ᠂ ᠤᠭᠢᠶᠠᠵᠤ ᠥᠩᠭᠡᠯᠡᠵᠦ᠂ ᠰᠡᠷᠭᠦᠭᠡᠨ ᠵᠠᠰᠠᠵᠤ ᠥᠩᠭᠡ ᠦᠵᠡᠮᠵᠢ ᠶᠢ ᠰᠠᠶᠢᠵᠢᠷᠠᠭᠤᠯᠤᠭᠰᠠᠨ ᠪᠠᠶᠢᠨ᠎ᠠ᠃
ᠮᠥᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 1500 ᠭᠠᠷᠤᠢ ᠰᠤᠷᠤᠭᠴᠢᠳ ᠲᠤ ᠬᠥᠰᠢᠶ᠎ᠡ ᠪᠠᠷᠢᠮᠠᠯ ᠤᠳ ᠤᠨ ᠲᠡᠦᠬᠡ ᠳᠤᠷᠠᠰᠬᠠᠯ᠂ ᠣᠨ ᠴᠠᠭ ᠤᠨ ᠲᠠᠯᠠᠭᠠᠷᠬᠢ ᠶᠠᠷᠢᠶ᠎ᠠ  ᠲᠠᠨᠢᠯᠴᠠᠭᠤᠯᠭ᠎ᠠ ᠬᠢᠵᠡᠢ ᠃

ᠰᠡᠳᠬᠢᠭᠳᠡᠯ ᠦᠯᠡᠳᠡᠭᠡᠬᠦ