ᠬᠢᠲᠠᠳ ᠮᠠᠵᠠᠭᠠᠯᠠᠢ ᠶᠢ ᠬᠠᠮᠠᠭᠠᠯᠠᠬᠤ  ᠲᠣᠨᠣᠭ ᠲᠥᠬᠥᠭᠡᠷᠦᠮᠵᠢ ᠥᠭᠴᠡᠢ | News.MN

ᠬᠢᠲᠠᠳ ᠮᠠᠵᠠᠭᠠᠯᠠᠢ ᠶᠢ ᠬᠠᠮᠠᠭᠠᠯᠠᠬᠤ  ᠲᠣᠨᠣᠭ ᠲᠥᠬᠥᠭᠡᠷᠦᠮᠵᠢ ᠥᠭᠴᠡᠢ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠠᠴᠠ ᠮᠣᠩᠭᠣᠯ ᠤᠯᠤᠰ ᠤᠨ ᠭᠣᠪᠢ ᠶᠢᠨ ᠮᠠᠵᠠᠭᠠᠯᠠᠢ ᠪᠠᠭᠠᠪᠠᠭᠠᠢ ᠶᠢ ᠬᠠᠮᠠᠭᠠᠯᠠᠬᠤ ᠲᠧᠭᠨᠢᠭ ᠦᠨ ᠲᠤᠰᠠᠯᠠᠯᠴᠠᠭ᠎ᠠ ᠦᠵᠡᠭᠦᠯᠬᠦ ᠲᠥᠰᠥᠯ  ᠬᠡᠷᠡᠭᠵᠢᠭᠦᠯᠵᠦ ᠪᠠᠶᠢᠨ᠎ᠠ᠃ ᠲᠤᠰᠠᠯᠠᠯᠴᠠᠭᠠᠨ ᠤ ᠬᠥᠲᠥᠯᠪᠦᠷᠢ ᠶᠢᠨ ᠡᠬᠢᠨ ᠦ ᠱᠠᠲᠤᠨ ᠤ ᠰᠤᠳᠤᠯᠭᠠᠨ ᠤ ᠠᠵᠢᠯ ᠳᠤ ᠱᠠᠭᠠᠷᠳᠠᠯᠭ᠎ᠠ ᠲᠠᠢ ᠲᠧᠭᠨᠢᠭ ᠲᠣᠨᠣᠭ ᠲᠥᠬᠥᠭᠡᠷᠦᠮᠵᠢ ᠶᠢ ᠥᠨᠥᠳᠥᠷ ᠬᠦᠯᠢᠶᠡᠯᠭᠡᠨ ᠥᠭᠴᠡᠢ᠃ ᠲᠣᠳᠣᠷᠠᠭᠤᠯᠪᠠᠯ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠶᠠᠮᠤᠨ ᠳᠦ ᠮᠠᠵᠠᠭᠠᠯᠠᠢ ᠶᠢ ᠬᠠᠮᠠᠭᠠᠯᠠᠬᠤ ᠳᠤ ᠵᠣᠷᠢᠭᠤᠯᠤᠨ ᠠᠰᠢᠭᠯᠠᠬᠤ 660 143 ᠶᠤᠸᠠᠨ ᠤᠨ ᠥᠷᠲᠡᠭ ᠪᠦᠬᠦᠢ ᠲᠣᠨᠣᠭ ᠲᠥᠬᠥᠭᠡᠷᠦᠮᠵᠢ  ᠬᠦᠯᠢᠶᠡᠯᠭᠡᠨ ᠥᠭᠭᠦᠭᠰᠡᠨ ᠪᠠᠶᠢᠨ᠎ᠠ᠃ ᠤᠭ ᠲᠥᠬᠥᠭᠡᠷᠦᠮᠵᠢ ᠶᠢ ᠭᠣᠪᠢ ᠶᠢᠨ ᠶᠡᠬᠡ ᠳᠠᠷᠬᠠᠨ ᠴᠠᠭᠠᠵᠠᠲᠤ ᠭᠠᠵᠠᠷ ᠤᠨA ᠬᠡᠰᠡᠭ ᠦᠨ ᠬᠠᠮᠠᠭᠠᠯᠠᠯᠲᠠ ᠶᠢᠨ ᠵᠠᠬᠢᠷᠭ᠎ᠠ᠂ ᠮᠣᠩᠭᠣᠯ ᠲᠠᠯ᠎ᠠ ᠶᠢᠨ ᠰᠤᠳᠤᠯᠤᠭᠠᠴᠢ ᠨᠠᠷ ᠠᠰᠢᠭᠯᠠᠵᠤ ᠮᠠᠵᠠᠭᠠᠯᠠᠢ ᠬᠠᠮᠠᠭᠠᠯᠠᠬᠤ ᠳᠤ ᠬᠢᠨᠠᠯᠲᠠ ᠲᠠᠯᠪᠢᠵᠤ ᠠᠵᠢᠯᠯᠠᠬᠤ ᠶᠤᠮ᠃

ᠰᠡᠳᠬᠢᠭᠳᠡᠯ ᠦᠯᠡᠳᠡᠭᠡᠬᠦ