ᠵᠣᠩᠰᠢ  ᠶᠢᠨ ᠦᠢᠯᠡᠳᠪᠦᠷᠢ ᠶᠢᠨ ᠦᠢᠯᠡ ᠠᠵᠢᠯᠯᠠᠭ᠎ᠠ ᠶᠢ ᠵᠣᠭᠰᠣᠭᠠᠯ᠎ᠠ | News.MN

ᠵᠣᠩᠰᠢ  ᠶᠢᠨ ᠦᠢᠯᠡᠳᠪᠦᠷᠢ ᠶᠢᠨ ᠦᠢᠯᠡ ᠠᠵᠢᠯᠯᠠᠭ᠎ᠠ ᠶᠢ ᠵᠣᠭᠰᠣᠭᠠᠯ᠎ᠠ

ᠳᠣᠷᠣᠨᠠᠭᠣᠪᠢ ᠠᠶᠢᠮᠠᠭ ᠤᠨ ᠳᠠᠯᠠᠨᠵᠢᠷᠭᠠᠯᠠᠩ ᠰᠤᠮᠤ ᠶᠢᠨ ᠴᠣᠮᠣᠭ ᠪᠠᠭ ᠤᠨ ᠨᠤᠲᠤᠭ ᠲᠤ ᠵᠣᠩᠰᠢ ᠪᠠᠶᠠᠵᠢᠭᠤᠯᠬᠤ ᠦᠢᠯᠡᠳᠪᠦᠷᠢ ᠶᠢᠨ ᠬᠠᠶᠠᠭᠳᠠᠯ ᠤᠨ ᠳᠠᠯᠠᠩ ᠰᠡᠲᠡᠷᠡᠭᠰᠡᠨ ᠭᠡᠰᠡᠨ ᠮᠡᠳᠡᠭᠡᠯᠡᠯ ᠦᠨ ᠳᠠᠭᠠᠤ ᠠᠶᠢᠮᠠᠭ ᠤᠨ ᠵᠠᠰᠠᠭ ᠳᠠᠷᠤᠭ᠎ᠠ ᠶᠢᠨ ᠣᠷᠣᠯᠠᠭᠴᠢ ᠭ∙ᠡᠷᠳᠡᠨᠢᠴᠡᠴᠡᠭ ᠭᠠᠵᠠᠷ ᠳᠡᠭᠡᠷ᠎ᠡ ᠨᠢ ᠣᠴᠢᠵᠤ ᠠᠵᠢᠯᠯᠠᠭᠰᠠᠨ ᠶᠤᠮ᠃ ᠵᠣᠩᠰᠢ ᠪᠠᠶᠠᠵᠢᠭᠤᠯᠬᠤ ᠦᠢᠯᠡᠳᠪᠦᠷᠢ ᠶᠢᠨ ᠡᠵᠡᠮᠰᠢᠭᠴᠢ ︽ᠺᠧᠸᠢᠨ ᠢᠨᠸᠧᠰᠲ 》 ᠺᠤᠮᠫᠠᠨᠢ ᠦᠢᠯᠡᠳᠪᠦᠷᠢ ᠶᠢᠨ ᠪᠠᠷᠢᠯᠭ᠎ᠠ ᠶᠢ 2008 ᠣᠨ ᠳᠤ ᠠᠰᠢᠭᠯᠠᠯᠲᠠ ᠳᠤ ᠣᠷᠣᠭᠤᠯᠤᠨ ᠦᠢᠯᠡ ᠠᠵᠢᠯᠯᠠᠭ᠎ᠠ ᠶᠠᠪᠤᠭᠤᠯᠵᠤ  ᠪᠠᠶᠢᠭᠠᠳ 2014 ᠣᠨ ᠳᠤ ᠦᠢᠯᠡᠳᠪᠦᠷᠢ ᠶᠢᠨ ᠠᠵᠢᠯ ᠵᠣᠭᠰᠣᠭᠰᠠᠨ᠃ ᠲᠤᠰ ᠦᠢᠯᠡᠳᠪᠦᠷᠢ ᠶᠢ  ︽ᠡᠺᠣ ᠬᠡᠯᠬᠢᠶ᠎ᠡ ︾ ᠺᠤᠮᠫᠠᠨᠢ 2018.01.02 ᠍ ᠤ ᠡᠳᠦᠷ ᠡᠴᠡ ᠬᠣᠶᠠᠷ ᠵᠢᠯ ᠦᠨ ᠬᠤᠭᠤᠴᠠᠭ᠎ᠠ ᠲᠠᠢ ᠲᠦᠷᠢᠶᠡᠰᠦᠯᠡᠵᠦ 2018 ᠣᠨ ᠤ ᠲᠠᠪᠤᠳᠤᠭᠠᠷ ᠰᠠᠷ᠎ᠠ ᠳᠤ ᠦᠢᠯᠡ ᠠᠵᠢᠯᠯᠠᠭ᠎ᠠ ᠪᠠᠨ ᠡᠬᠢᠯᠡᠭᠦᠯᠦᠭᠰᠡᠨ᠃ ᠤᠭ ᠺᠣᠮᠫᠠᠨᠢ ᠳᠤ ᠣᠷᠣᠨ ᠨᠤᠲᠤᠭ ᠤᠨ 54 ᠢᠷᠭᠡᠨ᠂ ᠬᠢᠲᠠᠳ 25 ᠮᠡᠷᠭᠡᠵᠢᠯᠲᠡᠨ ᠠᠵᠢᠯᠯᠠᠳᠠᠭ᠃ ᠬᠠᠶᠠᠭᠳᠠᠯ ᠤᠨ ᠰᠠᠩ  ᠤᠨ ᠳᠠᠯᠠᠩ ᠪᠠᠶᠢᠭᠤᠯᠤᠭᠳᠠᠭᠰᠠᠨ ᠠᠴᠠ ᠬᠣᠶᠢᠰᠢ ᠵᠠᠰᠠᠪᠤᠷᠢ᠂ ᠨᠥᠬᠥᠨ ᠰᠡᠷᠭᠦᠭᠡᠯᠲᠡ ᠶᠢᠨ ᠠᠵᠢᠯ ᠬᠢᠭᠳᠡᠭᠡ ᠦᠭᠡᠢ᠃ 04 ᠳ᠋ᠤᠭᠡᠷ ᠰᠠᠷ᠎ᠠ ᠶᠢᠨ 14 ᠍ ᠦ ᠡᠳᠦᠷ ᠬᠠᠶᠠᠭᠳᠠᠯ ᠤᠨ ᠳᠠᠯᠠᠩ ᠤᠨ ᠬᠤᠷᠠᠮᠲᠤᠯᠠᠭᠳᠠᠭᠰᠠᠨ ᠯᠠᠭ ᠢ ᠠᠪᠬᠤ ᠶᠠᠪᠤᠴᠠ ᠳᠤ ᠳᠠᠯᠠᠩ ᠨᠢᠮᠭᠡᠷᠡᠵᠦ ᠪᠤᠬᠢᠷ ᠤᠰᠤ ᠬᠥᠷᠦᠰᠦᠨ ᠳᠦ ᠨᠡᠪᠴᠢᠯᠲᠡ ᠥᠭᠰᠥᠭᠰᠡᠨ ᠢᠶᠡᠷ 1.7 ᠺᠢᠯᠣᠮᠧᠲ᠋ᠷ ᠭᠠᠵᠠᠷ ᠲᠤ ᠤᠷᠤᠰᠴᠠᠢ᠃ ᠠᠶᠢᠮᠠᠭ ᠤᠨ ᠮᠡᠷᠭᠡᠵᠢᠯ ᠦᠨ ᠬᠢᠨᠠᠯᠲᠠ ᠶᠢᠨ ᠭᠠᠵᠠᠷ ᠤᠨ ᠤᠯᠤᠰ ᠤᠨ ᠪᠠᠶᠢᠴᠠᠭᠠᠭᠴᠢᠳ ᠲᠤᠰ ᠺᠣᠮᠫᠠᠨᠢ ᠶᠢᠨ ᠦᠢᠯᠡ ᠠᠵᠢᠯᠯᠠᠭ᠎ᠠ ᠶᠢ ᠵᠤᠭᠰᠤᠭᠠᠵᠤ ᠂ ᠪᠤᠬᠢᠷᠳᠤᠭᠰᠠᠨ ᠭᠠᠵᠠᠷ ᠲᠤ ᠡᠺᠤᠯᠤᠭᠢ ᠶᠢᠨ ᠬᠣᠬᠢᠷᠠᠯ ᠲᠣᠭᠠᠴᠠᠭᠤᠯᠬᠤ ᠠᠵᠢᠯ ᠢ ᠶᠠᠭᠠᠷᠠᠪᠴᠢᠯᠠᠬᠤ ᠂ ᠪᠠᠶᠢᠭᠠᠯᠢ ᠤᠷᠴᠢᠨ ᠳᠤ ᠤᠴᠠᠷᠠᠭᠤᠯᠤᠭᠰᠠᠨ ᠬᠣᠬᠢᠷᠠᠯ ᠢ ᠲᠤᠰ ᠺᠣᠮᠫᠠᠨᠢ ᠪᠠᠷ ᠪᠦᠷᠢᠨ ᠪᠠᠷᠠᠭᠳᠠᠭᠤᠯᠬᠤ ᠭᠡᠬᠦ ᠵᠡᠷᠭᠡ ᠠᠷᠭ᠎ᠠ ᠬᠡᠮᠵᠢᠶ᠎ᠡ ᠠᠪᠤᠨ᠎ᠠ ᠭᠡᠯ᠎ᠡ᠃

ᠰᠡᠳᠬᠢᠭᠳᠡᠯ ᠦᠯᠡᠳᠡᠭᠡᠬᠦ