ᠦᠮᠦᠭᠡᠯᠡᠯ ᠦᠨ ᠲᠤᠬᠠᠢ ᠬᠠᠤᠯᠢ ᠶᠢᠨ ᠲᠥᠰᠥᠯ ᠢ ᠳᠡᠮᠵᠢᠯ᠎ᠡ   | News.MN

   ᠦᠮᠦᠭᠡᠯᠡᠯ ᠦᠨ ᠲᠤᠬᠠᠢ ᠬᠠᠤᠯᠢ ᠶᠢᠨ ᠲᠥᠰᠥᠯ ᠢ ᠳᠡᠮᠵᠢᠯ᠎ᠡ  

ᠤᠯᠤᠰ ᠤᠨ ᠶᠡᠬᠡ ᠬᠤᠷᠠᠯ 2012 ᠣᠨ ᠤ ᠭᠤᠷᠪᠠᠳᠤᠭᠠᠷ ᠰᠠᠷ᠎ᠠ ᠶᠢᠨ 7  ᠳᠦ  ︽ᠬᠠᠤᠯᠢᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ︾ ᠬᠠᠤᠯᠢ ᠶᠢ ᠪᠠᠲᠤᠯᠠᠭᠰᠠᠨ ᠪᠠᠶᠢᠨ᠎ᠠ᠃ ᠤᠭ ᠬᠠᠤᠯᠢ ᠳᠤ ᠥᠮᠥᠭᠡᠯᠡᠭᠴᠢ ᠶᠢᠨ ᠬᠠᠤᠯᠢ ᠵᠦᠢ ᠶᠢᠨ ᠲᠤᠰᠠᠯᠠᠯᠴᠠᠭ᠎ᠠ ᠦᠵᠡᠭᠦᠯᠬᠦ ᠲᠡᠢ ᠬᠣᠯᠪᠣᠭ᠎ᠠ ᠲᠠᠢ ᠵᠣᠬᠢᠴᠠᠭᠤᠯᠤᠯᠲᠠ ᠶᠢ ᠲᠤᠰᠬᠠᠭᠰᠠᠨ ᠲᠤᠯᠠ 2002 ᠣᠨ ᠠᠴᠠ ᠬᠡᠷᠡᠭᠵᠢᠵᠦ ᠪᠠᠶᠢᠭᠰᠠᠨ  ︽ᠥᠮᠥᠭᠡᠯᠡᠯ ᠦᠨ ᠲᠤᠬᠠᠢ ︾ ᠬᠠᠤᠯᠢ ᠶᠢ ᠬᠦᠴᠦᠨ ᠦᠭᠡᠢ ᠪᠣᠯᠭᠠᠭᠰᠠᠨ ᠶᠤᠮ᠃ ᠡᠭᠦᠨ ᠡᠴᠡ ᠡᠭᠦᠳᠦᠨ ᠥᠮᠥᠭᠡᠯᠡᠭᠴᠢ ᠶᠢᠨ ᠪᠡᠶ᠎ᠡ ᠳᠠᠭᠠᠭᠠᠭᠰᠠᠨ ᠬᠠᠷᠢᠶᠠᠲᠤ ᠪᠤᠰᠤ ᠪᠠᠶᠢᠳᠠᠯ ᠠᠯᠳᠠᠭᠳᠠᠵᠤ᠂ ᠮᠡᠷᠭᠡᠵᠢᠯ ᠦᠨ ᠶᠣᠰᠣ ᠵᠦᠢ᠂ ᠬᠠᠷᠢᠭᠤᠴᠠᠯᠭ᠎ᠠ ᠰᠤᠯᠠᠷᠠᠭᠰᠠᠨ ᠲᠤᠯᠠ 7 ᠪᠦᠯᠦᠭ᠂ 54 ᠵᠦᠢᠯ ᠲᠡᠢ ᠰᠢᠨ᠎ᠡ ᠬᠠᠤᠯᠢ ᠶᠢ ᠳᠠᠬᠢᠨ ᠪᠣᠯᠪᠠᠰᠤᠷᠠᠭᠤᠯᠤᠭᠰᠠᠨ ᠢᠶᠠᠨ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠼ∙ᠨᠢᠮᠠᠳᠣᠷᠵᠢ ᠬᠠᠤᠯᠢ ᠰᠠᠨᠠᠭᠠᠴᠢᠯᠠᠭᠴᠢ ᠶᠢᠨ ᠢᠯᠡᠳᠬᠡᠯ ᠳᠦ ᠪᠡᠨ ᠳᠤᠷᠠᠳᠤᠯ᠎ᠠ᠃ ᠬᠠᠤᠯᠢ ᠶᠢᠨ ᠲᠥᠰᠥᠯ ᠢ ᠪᠠᠲᠤᠯᠠᠭᠰᠠᠨ ᠢᠶᠠᠷ ᠥᠮᠥᠭᠡᠯᠡᠭᠴᠢᠳ ᠦᠨ ᠪᠡᠶ᠎ᠡ ᠳᠠᠭᠠᠭᠠᠭᠰᠠᠨ᠂ ᠬᠠᠷᠢᠶᠠᠲᠤ ᠪᠤᠰᠤ ᠪᠠᠶᠢᠳᠠᠯ ᠢ ᠰᠡᠷᠭᠦᠭᠡᠵᠦ᠂ ᠢᠷᠭᠡᠨ ᠦ ᠬᠠᠤᠯᠢ ᠵᠦᠢ ᠶᠢᠨ ᠮᠡᠷᠭᠡᠵᠢᠯ ᠦᠨ ᠲᠤᠰᠠᠯᠠᠯᠴᠠᠭ᠎ᠠ ᠠᠪᠬᠤ᠂ ᠥᠮᠥᠭᠡᠯᠡᠭᠦᠯᠬᠦ ᠡᠷᠬᠡ ᠶᠢ ᠪᠦᠷᠢᠨ ᠬᠠᠩᠭᠠᠬᠤ ᠪᠣᠯᠤᠮᠵᠢ ᠪᠥᠷᠢᠳᠦᠨ᠎ᠡ ᠬᠡᠮᠡᠨ ᠦᠵᠡᠵᠦ ᠪᠠᠶᠢᠭ᠎ᠠ ᠠᠵᠠᠢ ᠃
ᠬᠠᠤᠯᠢ ᠶᠢᠨ ᠲᠥᠰᠥᠯ ᠦᠨ ᠬᠡᠯᠡᠯᠴᠡᠭᠦᠯᠭᠡ ᠶᠢᠨ ᠦᠶ᠎ᠡ ᠪᠡᠷ ᠤᠯᠤᠰ ᠤᠨ ᠶᠡᠬᠡ ᠬᠤᠷᠠᠯ ᠤᠨ ᠭᠡᠰᠢᠭᠦᠨ ᠼ ∙ ᠮᠥᠩᠬᠡ-ᠣᠷᠭᠢᠯ᠂ ᠳ ∙ᠯᠦᠨᠳᠡᠵᠠᠨᠼᠠᠨ ᠨᠠᠷ ᠬᠡᠷᠡᠭ ᠬᠢᠨᠠᠨ ᠰᠢᠢᠳᠪᠦᠷᠢᠯᠡᠬᠦ ᠲᠡᠢ ᠬᠣᠯᠪᠣᠭ᠎ᠠ ᠲᠠᠢ ᠬᠠᠤᠯᠢ ᠨᠤᠭᠤᠳ ᠲᠤ ᠥᠭᠡᠷᠡᠴᠢᠯᠡᠯᠲᠡ ᠣᠷᠣᠭᠤᠯᠤᠨ᠂ ᠰᠢᠨ᠎ᠡ ᠬᠠᠤᠯᠢ ᠶᠢᠨ ᠲᠥᠰᠥᠯ ᠲᠡᠢ ᠤᠶᠠᠯᠳᠤᠭᠤᠯᠵᠤ᠂ ᠥᠮᠥᠭᠡᠯᠡᠭᠴᠢᠳ ᠦᠨ ᠡᠷᠬᠡ᠂ ᠡᠭᠦᠷᠭᠡ ᠶᠢ ᠲᠣᠳᠣᠷᠬᠠᠢ  ᠲᠤᠰᠬᠠᠬᠤ ᠱᠠᠭᠠᠷᠳᠠᠯᠭ᠎ᠠ ᠲᠠᠢ ᠬᠡᠮᠡᠪᠡ᠃ ᠰᠠᠨᠠᠯ ᠬᠤᠷᠢᠶᠠᠬᠤ ᠳᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠬᠠᠤᠯᠢ ᠶᠢᠨ ᠲᠥᠰᠥᠯ ᠢ ᠬᠡᠯᠡᠯᠴᠡᠬᠦ ᠶᠢ ᠳᠡᠮᠵᠢᠵᠦ᠂ ᠠᠩᠬᠠᠨ ᠤ ᠬᠡᠯᠡᠯᠴᠡᠭᠦᠯᠭᠡ ᠳᠦ ᠪᠡᠯᠡᠳᠬᠡᠭᠦᠯᠬᠦ ᠪᠡᠷ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠳᠤ ᠰᠢᠯᠵᠢᠭᠦᠯᠦᠯ᠎ᠡ᠃

ᠰᠡᠳᠬᠢᠭᠳᠡᠯ ᠦᠯᠡᠳᠡᠭᠡᠬᠦ