ᠴᠣᠭᠲᠤᠪᠠᠭᠠᠲᠤᠷ᠂ ᠤᠤᠭᠠᠨᠪᠠᠭᠠᠲᠤᠷ ᠪᠥᠰᠡ ᠶᠢᠨ ᠠᠪᠤᠷᠭᠤ ᠪᠣᠯᠤᠯ᠎ᠠ   | News.MN

ᠴᠣᠭᠲᠤᠪᠠᠭᠠᠲᠤᠷ᠂ ᠤᠤᠭᠠᠨᠪᠠᠭᠠᠲᠤᠷ ᠪᠥᠰᠡ ᠶᠢᠨ ᠠᠪᠤᠷᠭᠤ ᠪᠣᠯᠤᠯ᠎ᠠ  

ᠠᠽᠢᠶ᠎ᠠ ᠨᠣᠮᠣᠬᠠᠨ ᠳᠠᠯᠠᠢ ᠶᠢᠨ ᠪᠥᠰᠡ ᠶᠢᠨ ᠣᠷᠣᠨ ᠨᠤᠭᠤᠳ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠠᠷᠠᠪ ᠤᠨ ᠨᠢᠭᠡᠳᠦᠭᠰᠡᠨ ᠡᠮᠢᠷᠠᠲ ᠤᠯᠤᠰ ᠲᠤ ᠪᠣᠯᠵᠤ ᠪᠠᠶᠢᠨ᠎ᠠ᠃ ᠲᠡᠮᠡᠴᠡᠭᠡᠨ ᠳᠦ ᠠᠽᠢᠶ᠎ᠠ ᠨᠣᠮᠣᠬᠠᠨ ᠳᠠᠯᠠᠢ ᠶᠢᠨ ᠪᠥᠰᠡ ᠶᠢᠨ 40 ᠤᠯᠤᠰ ᠤᠨ 273 ︵ᠡᠷᠡᠭᠲᠡᠢ 174᠂ ᠡᠮᠡᠭᠲᠡᠢ 99︶ ᠵᠢᠦᠳᠤᠤᠴᠢ ᠬᠦᠴᠦ ᠪᠢᠷ᠎ᠠ᠂ ᠠᠪᠬᠠᠯᠵᠢ ᠰᠠᠮᠪᠠᠭ᠎ᠠ ᠪᠠᠨ ᠰᠣᠷᠢᠨ ᠥᠷᠢᠰᠦᠯᠳᠦᠵᠦ ᠪᠠᠶᠢᠨ᠎ᠠ᠃ ᠮᠠᠨ ᠤ ᠤᠯᠤᠰ ᠠᠴᠠ ᠤᠭ ᠲᠡᠮᠡᠴᠡᠭᠡᠨ ᠳᠦ ᠡᠷᠡᠭᠲᠡᠢ 9᠂ ᠡᠮᠡᠭᠲᠡᠢ 8 ᠵᠢᠦᠳᠤᠤᠴᠢ ᠪᠠᠷᠢᠯᠳᠤᠵᠤ ᠪᠠᠶᠢᠭ᠎ᠠ ᠶᠤᠮ᠃ ᠥᠴᠥᠭᠡᠳᠦᠷ ᠡᠷᠡᠭᠲᠡᠶᠢᠴᠦᠳ ᠦᠨ 60᠂ 66᠂ 73᠂ 81᠂ ᠡᠮᠡᠭᠲᠡᠶᠢᠴᠦᠳ ᠦᠨ 48᠂ 52᠂ 63᠂ 70 ᠺᠢᠯᠦᠭᠷᠡᠮ ᠤᠨ ᠵᠢᠩ ᠦᠨ ᠪᠠᠷᠢᠯᠳᠤᠭᠠᠨ ᠪᠣᠯᠵᠤ᠂ ᠮᠠᠨ ᠤ ᠪᠥᠬᠡᠴᠦᠳ ᠬᠣᠶᠠᠷ ᠠᠯᠲᠠ᠂ ᠬᠣᠶᠠᠷ ᠮᠥᠩᠭᠥ᠂ ᠭᠤᠷᠪᠠᠨ ᠬᠦᠷᠡᠯ ᠮᠧᠳᠠᠯ ᠬᠦᠷᠲᠡᠯ᠎ᠡ᠃  ᠡᠭᠦᠨ ᠳᠦ73  ᠺᠢᠯᠦᠭᠷᠡᠮ  ᠦᠨ ᠵᠢᠩ ᠳᠦ ᠼ∙ᠴᠣᠭᠲᠤᠪᠠᠭᠠᠲᠤᠷ ᠰᠢᠭᠰᠢᠭᠡ ᠪᠠᠷᠢᠯᠳᠤᠭᠠᠨ ᠳᠤ ᠠᠪᠤᠷᠭᠤᠯᠠᠭᠰᠠᠨ ᠪᠣᠯ ᠂ 81 ᠺᠢᠯᠦᠭᠷᠡᠮ ᠤᠨ ᠵᠢᠩ ᠳᠦ ᠣ᠊∙ᠤᠤᠭᠠᠨᠪᠠᠭᠠᠲᠤᠷ  ᠠᠯᠲᠠᠨ ᠮᠸᠳᠠᠯ  ᠬᠦᠷᠲᠡᠯ᠎ᠡ ᠃

ᠰᠡᠳᠬᠢᠭᠳᠡᠯ ᠦᠯᠡᠳᠡᠭᠡᠬᠦ