ᠺᠦᠸᠠᠶᠢᠲ ᠤᠨ ᠲᠥᠯᠥᠭᠡᠯᠡᠭᠴᠢᠳ ᠢᠷᠡᠨ᠎ᠡ    | News.MN

 ᠺᠦᠸᠠᠶᠢᠲ ᠤᠨ ᠲᠥᠯᠥᠭᠡᠯᠡᠭᠴᠢᠳ ᠢᠷᠡᠨ᠎ᠡ   

ᠮᠣᠩᠭᠣᠯ ᠤᠯᠤᠰ᠂ ᠺᠦᠸᠠᠶᠢᠲ ᠤᠯᠤᠰ ᠤᠨ ᠭᠠᠳᠠᠭᠠᠳᠤ ᠬᠡᠷᠡᠭ ᠦᠨ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ ᠠᠩᠬᠠᠳᠤᠭᠠᠷ ᠵᠥᠪᠯᠡᠯᠳᠦᠬᠦ ᠠᠭᠤᠯᠵᠠᠯᠲᠠ ᠥᠨᠥᠳᠥᠷ ᠤᠯᠠᠭᠠᠨᠪᠠᠭᠠᠲᠤᠷ  ᠬᠤᠲᠠ ᠳᠤ ᠪᠣᠯᠤᠯ᠎ᠠ᠃ ᠥᠩᠭᠡᠷᠡᠭᠰᠡᠨ ᠬᠤᠭᠤᠴᠠᠭᠠᠨ ᠳᠤ ᠮᠠᠨ ᠤ ᠤᠯᠤᠰ ᠲᠤ ᠺᠦᠸᠠᠶᠢᠲ  ᠤᠨ ᠵᠠᠰᠠᠭ ᠤᠨ ᠭᠠᠵᠠᠷ 78 ᠰᠠᠶ᠎ᠠ ᠳ᠋ᠣᠯᠯᠠᠷ ᠤᠨ ᠬᠥᠩᠭᠡᠯᠡᠯᠲᠡ ᠲᠡᠢ  ᠵᠢᠭᠡᠯᠡ᠂ 17.5 ᠣᠷᠴᠢᠮ ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠦᠵᠡᠭᠦᠯᠦᠭᠡᠳ ᠪᠠᠶᠢᠨ᠎ᠠ᠃
ᠠᠭᠤᠯᠵᠠᠯᠲᠠ ᠬᠡᠯᠡᠯᠴᠡᠭᠡ ᠶᠢ ᠭᠠᠳᠠᠭᠠᠳᠤ᠍ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ᠂ ᠺᠦᠸᠠᠶᠢᠲ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠠᠽᠢᠶ᠎ᠠ ᠶᠢᠨ ᠠᠰᠠᠭᠤᠳᠠᠯ ᠬᠠᠷᠢᠭᠤᠴᠠᠭᠰᠠᠨ ᠲᠤᠰᠠᠯᠠᠬᠤ ᠰᠠᠶᠢᠳ ᠠᠯᠢ ᠰᠤᠯᠠᠶᠢᠮᠠᠨ ᠠᠯᠢ- ᠰᠠᠶᠢᠳ᠋ ᠨᠠᠷ ᠲᠡᠷᠢᠭᠦᠯᠡᠪᠡ᠃  ᠬᠤᠶᠠᠷ ᠲᠠᠯ᠎ᠠ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠤᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠨᠥᠭᠡᠴᠡ ᠪᠣᠯᠤᠯᠴᠠᠭ᠎ᠠ ᠶᠢ ᠠᠰᠢᠭᠯᠠᠬᠤ ᠶᠢᠨ ᠲᠥᠯᠥᠭᠡ ᠪᠠᠶᠢᠭ᠎ᠠ ᠪᠠᠨ ᠢᠯᠡᠷᠬᠡᠶᠢᠯᠡᠯ᠎ᠡ᠃ ᠮᠠᠨ ᠤ ᠤᠯᠤᠰ ᠣᠶᠢᠷᠠᠬᠢ ᠳᠣᠷᠣᠨᠠᠲᠤ ᠶᠢᠨ ᠣᠷᠣᠨ ᠨᠤᠭᠤᠳ ᠲᠤ ᠮᠢᠬ᠎ᠠ ᠡᠺᠰᠫᠤᠷᠲᠯᠤᠬᠤ ᠪᠣᠯᠤᠮᠵᠢ ᠶᠢ ᠰᠤᠳᠤᠯᠤᠨ ᠠᠵᠢᠯᠯᠠᠵᠤ ᠪᠠᠶᠢᠭ᠎ᠠ᠃ ᠠᠽᠢᠶ᠎ᠠ ᠶᠢᠨ ᠬᠥᠭᠵᠢᠯ ᠦᠨ ᠪᠠᠩᠬᠢᠨ ᠤ ᠳᠡᠮᠵᠢᠯᠭᠡ ᠲᠡᠢ ᠪᠡᠷ ᠤᠯᠠᠭᠠᠨᠪᠠᠭᠠᠲᠤᠷ  ᠬᠤᠲᠠ ᠳᠤ ᠵᠣᠬᠢᠶᠠᠨ ᠪᠠᠶᠢᠭᠤᠯᠤᠭᠳᠠᠬᠤ ︽ᠣᠶᠢᠷᠠᠬᠢ ᠳᠣᠷᠣᠨᠠᠲᠤ ᠶᠢᠨ ᠪᠥᠰᠡ ᠨᠤᠲᠤᠭ ᠲᠤ ᠮᠣᠩᠭᠣᠯ ᠠᠴᠠ ᠮᠢᠬ᠎ᠠ ᠡᠺᠰᠫᠣᠷᠲᠯᠠᠬᠤ︾ ᠪᠢᠽᠢᠨᠧᠰ ᠦᠨ ᠠᠭᠤᠯᠵᠠᠯᠲᠠ ᠳᠤ ᠺᠦᠸᠠᠶᠢᠲ  ᠦᠨ ᠲᠠᠯ᠎ᠠ ᠬᠣᠯᠪᠣᠭᠳᠠᠬᠤ ᠲᠥᠯᠥᠭᠡᠯᠡᠭᠴᠢᠳ ᠢ ᠢᠷᠡᠭᠦᠯᠬᠦ ᠪᠠᠨ ᠮᠡᠳᠡᠭᠳᠡᠯ᠎ᠡ᠃ ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢ ᠣᠶᠢᠷ᠎ᠠ ᠶᠢᠨ ᠦᠶ᠎ᠡ ᠳᠦ ᠪᠠᠶᠢᠭᠤᠯᠬᠤ ᠪᠠᠷ ᠲᠣᠬᠢᠷᠠᠯᠴᠠᠪᠠ᠃
ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠶᠢᠭᠤᠯᠤᠯᠭ᠎ᠠ ᠶᠢᠨ ᠬᠦᠷᠢᠶᠡᠨ ᠳᠦ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ  ᠠᠷᠪᠢᠨ ᠲᠤᠷᠰᠢᠯᠭ᠎ᠠ ᠲᠠᠢ ᠪᠥᠭᠡᠳ ᠴᠢᠨᠠᠭᠰᠢᠳᠠ ᠴᠤ ᠡᠨᠡ ᠴᠢᠭᠯᠡᠯ ᠢᠶᠡᠷ ᠬᠠᠮᠲᠤ ᠶᠢᠨ ᠠᠵᠢᠯᠯᠠᠭ᠎ᠠ  ᠪᠠᠨ ᠥᠷᠭᠡᠵᠢᠭᠦᠯᠦᠨ ᠪᠡᠬᠢᠵᠢᠭᠦᠯᠬᠦ ᠶᠢᠨ ᠲᠥᠯᠥᠭᠡ ᠪᠠᠶᠢᠭ᠎ᠠ ᠪᠠᠨ ᠬᠠᠷᠢᠯᠴᠠᠨ ᠨᠣᠲᠠᠯᠠᠯ᠎ᠠ᠃ ᠮᠣᠩᠭᠣᠯ᠂ ᠺᠦᠸᠠᠶᠢᠲ  ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 45 ᠵᠢᠯ ᠦᠨ ᠣᠢ 2020 ᠣᠨ ᠳᠤ ᠲᠣᠬᠢᠶᠠᠨ᠎ᠠ᠃

ᠰᠡᠳᠬᠢᠭᠳᠡᠯ ᠦᠯᠡᠳᠡᠭᠡᠬᠦ