ᠳᠤᠷᠠᠰᠬᠠᠯᠲᠤ ᠭᠠᠵᠠᠷ  ᠲᠤ ᠠᠰᠢᠭᠲᠤ ᠮᠠᠯᠲᠠᠮᠠᠯ ᠤᠨ ᠵᠦᠪᠰᠢᠶᠡᠷᠡᠯ ᠤᠯᠭᠤᠬᠤ ᠦᠭᠡᠢ | News.MN

ᠳᠤᠷᠠᠰᠬᠠᠯᠲᠤ ᠭᠠᠵᠠᠷ  ᠲᠤ ᠠᠰᠢᠭᠲᠤ ᠮᠠᠯᠲᠠᠮᠠᠯ ᠤᠨ ᠵᠦᠪᠰᠢᠶᠡᠷᠡᠯ ᠤᠯᠭᠤᠬᠤ ᠦᠭᠡᠢ

︽ᠮᠢᠩᠭᠠᠨ ᠤ ᠰᠤᠤᠲᠤ ᠬᠦᠮᠦᠨ ᠶᠡᠬᠡ ᠡᠵᠡᠨ ᠴᠢᠩᠭᠢᠰ ᠬᠠᠭᠠᠨ ᠲᠡᠦᠬᠡᠨ ᠠᠶᠠᠯᠠᠯ ᠵᠢᠭᠤᠯᠴᠢᠯᠠᠯ- ᠬᠥᠷᠥᠩᠭᠡ ᠣᠷᠣᠭᠤᠯᠤᠯᠲᠠ ︾ ᠦᠨᠳᠦᠰᠦᠨ ᠦ ᠴᠢᠭᠤᠯᠭᠠᠨ ᠪᠣᠯᠵᠤ ᠪᠠᠶᠢᠨ᠎ᠠ᠃ ᠡᠨᠡ ᠦᠶ᠎ᠡ ᠪᠡᠷ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ᠄ ᠰᠡᠭᠦᠯ ᠦᠨ ᠵᠢᠯ ᠦᠳ ᠲᠦ ᠳᠡᠯᠡᠬᠡᠢ ᠶᠢᠨ ᠵᠢᠭᠤᠯᠴᠢᠳ ᠤᠨ ᠶᠡᠬᠡ ᠤᠷᠤᠰᠬᠠᠯ ᠠᠽᠢᠶ᠎ᠠ ᠨᠣᠮᠣᠬᠠᠨ ᠳᠠᠯᠠᠢ ᠶᠢᠨ ᠪᠥᠰᠡ ᠨᠤᠲᠤᠭ ᠤᠷᠤᠭᠤ᠂ ᠢᠯᠠᠩᠭᠤᠶ᠎ᠠ ᠡᠵᠡᠨᠲᠦ ᠭᠦᠷᠦᠨ ᠦ ᠲᠡᠦᠬᠡ᠂ ᠨᠡᠭᠦᠳᠡᠯᠴᠢᠳ ᠦᠨ ᠶᠡᠬᠡ ᠥᠪ ᠰᠤᠶᠤᠯ ᠢ ᠰᠢᠮᠡᠳᠦᠨ ᠰᠣᠨᠢᠷᠬᠠᠵᠤ ᠪᠠᠶᠢᠭ᠎ᠠ ᠶᠢ ᠳᠡᠯᠡᠬᠡᠢ ᠶᠢᠨ ᠲᠣᠮᠣᠬᠠᠨ ᠠᠶᠠᠯᠠᠯ ᠵᠢᠭᠤᠯᠴᠢᠯᠠᠯ ᠪᠣᠯᠤᠨ ᠰᠤᠶᠤᠯ ᠤᠷᠠᠯᠢᠭ ᠤᠨ ᠰᠤᠳᠤᠯᠭᠠᠨ ᠤ ᠪᠠᠶᠢᠭᠤᠯᠤᠯᠭ᠎ᠠ ᠨᠤᠭᠤᠳ ᠣᠨᠴᠠᠯᠠᠵᠤ ᠪᠠᠶᠢᠨ᠎ᠠ᠃ ᠬᠠᠷᠢᠨ ᠪᠢᠳᠡ ᠡᠨᠡ ᠳᠠᠪᠠᠭᠤ ᠲᠠᠯ᠎ᠠ᠂ ᠣᠨᠴᠠᠯᠢᠭ ᠪᠠᠶᠢᠳᠠᠯ ᠢᠶᠠᠨ ᠲᠥᠷᠥ ᠶᠢᠨ ᠪᠣᠳᠣᠯᠭ᠎ᠠ ᠶᠢᠨ ᠭᠠᠳᠠᠨ᠎ᠠ ᠣᠷᠬᠢᠵᠤ᠂ ᠲᠡᠦᠬᠡ ᠰᠤᠶᠤᠯ ᠢᠶᠠᠨ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ᠂ ᠠᠷᠠᠳ ᠣᠯᠠᠨ ᠢᠶᠠᠨ ᠰᠣᠶᠣᠨ ᠭᠡᠭᠡᠷᠡᠭᠦᠯᠬᠦ᠂ ᠬᠦᠮᠦᠨ ᠢᠶᠡᠨ ᠬᠥᠭᠵᠢᠭᠦᠯᠬᠦ ᠳᠦ ᠬᠥᠷᠥᠩᠭᠡ ᠣᠷᠣᠭᠤᠯᠤᠯᠲᠠ ᠬᠢᠵᠦ ᠴᠢᠳᠠᠭ᠎ᠠ ᠦᠭᠡᠢ ᠨᠢ ᠨᠢᠭᠤᠴᠠ ᠪᠢᠰᠢ  ᠶᠤᠮ ᠃
ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠬᠡᠨᠲᠡᠢ ᠠᠶᠢᠮᠠᠭ ᠢ ᠲᠡᠦᠬᠡᠨ ᠠᠶᠠᠯᠠᠯ ᠵᠢᠭᠤᠯᠴᠢᠯᠠᠯ ᠤᠨ᠂ ᠬᠥᠪᠰᠥᠭᠥᠯ ᠠᠶᠢᠮᠠᠭ ᠢ  ᠪᠠᠶᠢᠭᠠᠯᠢ ᠶᠢᠨ ᠠᠶᠠᠯᠠᠯ ᠵᠢᠭᠤᠯᠴᠢᠯᠠᠯ ᠤᠨ᠂ ᠨᠡᠶᠢᠰᠯᠡᠯ ᠤᠯᠠᠭᠠᠨᠪᠠᠭᠠᠲᠤᠷ ᠬᠣᠲᠠ ᠶᠢ ᠰᠤᠶᠤᠯ ᠤᠨ ᠠᠶᠠᠯᠠᠯ ᠵᠢᠭᠤᠯᠴᠢᠯᠠᠯ ᠤᠨ ᠲᠥᠪ ᠢᠶᠡᠷ ᠵᠠᠷᠯᠠᠵᠤ᠂ ᠴᠢᠨᠠᠭᠰᠢᠳᠠ ᠲᠥᠪ ᠦᠨ᠂ ᠪᠠᠷᠠᠭᠤᠨ᠂ ᠵᠡᠭᠦᠨ᠂ ᠬᠠᠩᠭᠠᠢ ᠶᠢᠨ᠂ ᠭᠣᠪᠢ ᠶᠢᠨ ᠪᠣᠯᠤᠨ ᠤᠯᠠᠭᠠᠨᠪᠠᠭᠠᠲᠤᠷ ᠤᠨ ᠪᠥᠰᠡ ᠨᠦᠭᠦᠳ ᠲᠦ ᠭᠠᠵᠠᠷ ᠵᠦᠢ ᠶᠢᠨ ᠪᠠᠶᠢᠷᠢᠯᠠᠯ ᠪᠣᠯᠤᠭᠠᠳ ᠠᠶᠠᠯᠠᠯ ᠵᠢᠭᠤᠯᠴᠢᠯᠠᠯ ᠤᠨ ᠨᠥᠭᠡᠴᠡ ᠶᠢᠨ ᠣᠨᠴᠠᠯᠢᠭ ᠲᠤ ᠲᠤᠯᠭᠠᠭᠤᠷᠢᠯᠠᠭᠰᠠᠨ ᠠᠶᠠᠯᠠᠯ ᠵᠢᠭᠤᠯᠴᠢᠯᠠᠯ ᠤᠨ ᠪᠥᠰᠡ ᠨᠦᠭᠦᠳ ᠢ ᠬᠥᠭᠵᠢᠭᠦᠯᠬᠦ᠂ ᠦᠢᠯᠡᠴᠢᠯᠡᠭᠡᠨ ᠦ ᠴᠢᠨᠠᠷ ᠢ ᠰᠠᠶᠢᠵᠢᠷᠠᠭᠤᠯᠬᠤ᠂ ᠳᠡᠳ᠋ ᠪᠦᠲᠦᠴᠡ ᠪᠡᠷ ᠬᠤᠯᠪᠤᠬᠤ ᠴᠢᠭᠯᠡᠯ ᠢᠶᠡᠷ ᠲᠣᠳᠣᠷᠬᠠᠢ ᠠᠵᠢᠯ ᠤᠳ ᠢ ᠲᠥᠯᠥᠪᠯᠡᠨ ᠬᠡᠷᠡᠭᠵᠢᠭᠦᠯᠵᠦ ᠡᠬᠢᠯᠡᠭᠡᠳ ᠪᠠᠶᠢᠨ᠎ᠠ᠃
ᠡᠨᠡ ᠬᠥᠲᠥᠯᠪᠦᠷᠢ ᠶᠢᠨ ᠬᠦᠷᠢᠶᠡᠨ ᠳᠦ ᠠᠽᠢᠶ᠎ᠠ ᠶᠢᠨ ᠬᠥᠭᠵᠢᠯ ᠦᠨ ᠪᠠᠩᠬᠢᠨ ᠤ 38 ᠰᠠᠶ᠎ᠠ ᠳ᠋ᠣᠯᠯᠠᠷ ᠤᠨ ᠬᠥᠩᠭᠡᠯᠡᠯᠲᠡ ᠲᠡᠢ ᠵᠢᠭᠡᠯᠡ ᠪᠣᠯᠤᠨ ᠤᠯᠤᠰ ᠤᠨ ᠲᠥᠰᠥᠪ ᠦᠨ ᠡᠬᠢ ᠡᠭᠦᠰᠪᠦᠷᠢ ᠪᠡᠷ ᠬᠡᠨᠲᠡᠢ ᠠᠶᠢᠮᠠᠭ ᠲᠤ ᠴᠢᠩᠭᠢᠰ ᠬᠠᠭᠠᠨ ᠤ ᠥᠪ ᠰᠤᠶᠤᠯ ᠤᠨ ᠬᠦᠷᠢᠶᠡᠯᠡᠩ ᠢ ᠪᠠᠶᠢᠭᠤᠯᠬᠤ ᠵᠠᠰᠠᠭ ᠤᠨ ᠭᠠᠵᠠᠷ ᠤᠨ ᠰᠢᠢᠳᠪᠦᠷᠢ ᠭᠠᠷᠴᠤ᠂ ᠠᠶᠠᠯᠠᠯ ᠵᠢᠭᠤᠯᠴᠢᠯᠠᠯ ᠤᠨ 3 ᠲᠣᠮᠣ ᠴᠣᠭᠴᠠᠯᠠᠪᠤᠷᠢ ᠶᠢᠨ ᠠᠵᠢᠯ ᠪᠣᠯᠤᠨ ᠳᠡᠳ᠋ ᠪᠦᠲᠦᠴᠡ ᠶᠢᠨ ᠬᠥᠷᠥᠩᠭᠡ ᠣᠷᠣᠭᠤᠯᠤᠯᠲᠠ ᠨᠤᠭᠤᠳ ᠡᠬᠢᠯᠡᠭᠰᠡᠨ ᠭᠡᠳᠡᠭ ᠢ ᠣᠨᠴᠠᠯᠠᠨ ᠲᠡᠮᠳᠡᠭᠯᠡᠬᠦ ᠶᠢ ᠬᠦᠰᠡᠵᠦ ᠪᠠᠶᠢᠨ᠎ᠠ᠃ ᠭᠤᠷᠪᠠᠨ ᠭᠣᠣᠯ ᠤᠨ ᠰᠠᠪᠠ᠂ ᠲᠡᠦᠬᠡᠨ ᠳᠤᠷᠠᠰᠬᠠᠯᠲᠤ ᠭᠠᠵᠠᠷ ᠤᠳ ᠲᠤ ᠠᠰᠢᠭᠲᠤ ᠮᠠᠯᠲᠠᠮᠠᠯ ᠤᠨ ᠵᠦᠪᠰᠢᠶᠡᠷᠡᠯ ᠣᠯᠭᠣᠬᠤ ᠠᠰᠠᠭᠤᠳᠠᠯ ᠢ ᠲᠠᠰᠤᠯᠤᠨ ᠵᠣᠭᠰᠣᠭᠠᠵᠤ᠂ ᠵᠠᠰᠠᠭ ᠤᠨ ᠭᠠᠵᠠᠷ ᠤᠨ ᠲᠤᠰᠬᠠᠢ ᠬᠠᠮᠠᠭᠠᠯᠠᠯᠲᠠ ᠳᠤ ᠠᠪᠬᠤ ᠠᠰᠠᠭᠤᠳᠠᠯ ᠢ ᠦᠶ᠎ᠡ ᠱᠠᠲᠤ ᠲᠠᠢ ᠠᠷᠭ᠎ᠠ ᠬᠡᠮᠵᠢᠶ᠎ᠡ ᠠᠪᠴᠤ ᠡᠬᠢᠯᠡᠭᠰᠡᠨ᠃ ᠴᠢᠨᠠᠭᠰᠢᠳᠠ ᠲᠡᠦᠬᠡᠨ ᠠᠶᠠᠯᠠᠯ ᠵᠢᠭᠤᠯᠴᠢᠯᠠᠯ ᠢ ᠴᠣᠭᠴᠠ ᠪᠠᠷ ᠬᠥᠭᠵᠢᠭᠦᠯᠬᠦ᠂ ᠨᠡᠭᠦᠳᠡᠯᠴᠢᠳ ᠦᠨ ᠥᠪ ᠰᠤᠶᠤᠯ ᠢ ᠰᠤᠷᠲᠠᠯᠴᠢᠯᠠᠨ ᠲᠠᠨᠢᠭᠤᠯᠬᠤ ᠴᠢᠭᠯᠡᠯ ᠳᠦ ᠮᠣᠩᠭᠣᠯ ᠤᠯᠤᠰ ᠤᠨ ᠵᠠᠰᠠᠭ ᠤᠨ ᠭᠠᠵᠠᠷ ᠭᠠᠳᠠᠭᠠᠳᠤ ᠳᠣᠲᠣᠭᠠᠳᠤ ᠶᠢᠨ ᠬᠥᠷᠥᠩᠭᠡ ᠣᠷᠣᠭᠤᠯᠤᠭᠴᠢᠳ ᠲᠠᠢ ᠨᠢᠭᠲᠠ ᠲᠦᠩᠰᠢᠯᠠᠨ ᠠᠵᠢᠯᠯᠠᠬᠤ ᠳᠤ ᠪᠡᠯᠡᠨ ᠭᠡᠳᠡᠭ ᠢᠶᠡᠨ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠬᠤᠪᠢ ᠳᠤ ᠠᠯᠪᠠᠨ ᠶᠣᠰᠣᠭᠠᠷ ᠢᠯᠡᠷᠬᠡᠶᠢᠯᠡᠵᠦ ᠪᠠᠶᠢᠨ᠎ᠠ᠃ ᠡᠵᠡᠨ ᠴᠢᠩᠭᠢᠰ ᠬᠠᠭᠠᠨ ᠤ ᠮᠠᠨᠢ ᠠᠭᠤᠤ ᠰᠦᠷ ᠬᠦᠴᠦ᠂ ᠰᠦᠯᠳᠡ ᠬᠡᠶᠢᠮᠣᠷᠢ ᠮᠣᠩᠭᠣᠯ ᠡᠬᠡ ᠣᠷᠣᠨ ᠢ ᠮᠢᠨᠢ  ᠮᠦᠩᠬᠡᠳᠡ ᠢᠪᠡᠭᠡᠨ ᠲᠡᠳᠭᠦᠬᠦ ᠪᠣᠯᠲᠤᠭᠠᠢ ᠭᠡᠪᠡ ᠃

ᠰᠡᠳᠬᠢᠭᠳᠡᠯ ᠦᠯᠡᠳᠡᠭᠡᠬᠦ