ᠰᠤᠶᠤᠯ ᠤᠨ ᠥᠪ ᠦᠨ ᠠᠰᠠᠭᠤᠳᠠᠯ ᠢᠶᠠᠷ ᠡᠷᠳᠡᠮᠲᠡᠳ ᠴᠢᠭᠤᠯᠵᠤ ᠪᠠᠶᠢᠨ᠎ᠠ | News.MN

ᠰᠤᠶᠤᠯ ᠤᠨ ᠥᠪ ᠦᠨ ᠠᠰᠠᠭᠤᠳᠠᠯ ᠢᠶᠠᠷ ᠡᠷᠳᠡᠮᠲᠡᠳ ᠴᠢᠭᠤᠯᠵᠤ ᠪᠠᠶᠢᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠰᠢᠨᠵᠢᠯᠡᠬᠦ ᠤᠬᠠᠭᠠᠨ ᠤ ᠠᠺᠠᠳ᠋ᠸᠮᠢ ᠶᠢᠨ  ᠲᠡᠦᠬᠡ ᠠᠷᠬᠧᠣᠯᠣᠭᠢ ᠶᠢᠨ ᠬᠦᠷᠢᠶᠡᠯᠡᠩ᠂ ᠣᠷᠣᠰ ᠤᠨ ᠬᠣᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠳᠤᠷᠤᠨᠠᠳᠠᠬᠢᠨ ᠤ ᠭᠠᠷ ᠪᠢᠴᠢᠮᠡᠯ ᠦᠨ ᠪᠠ ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭ᠎ᠠ ᠬᠠᠮᠲᠤᠷᠠᠨ ︽ᠮᠣᠩᠭᠣᠯᠴᠤᠳ ᠤᠨ ᠰᠤᠶᠤᠯ ᠤᠨ ᠥᠪ᠄ ᠭᠠᠷ ᠪᠢᠴᠢᠮᠡᠯ ᠪᠠ ᠠᠷᠬᠢᠪ ᠤᠨ ᠪᠠᠷᠢᠮᠲᠠ ᠶᠢᠨ ᠴᠤᠭᠯᠠᠭᠤᠯᠭ᠎ᠠ ︾  ᠳᠦᠷᠪᠡᠳᠡᠬᠢ ᠤᠳᠠᠭ᠎ᠠ ᠶᠢᠨ ᠣᠯᠠᠨ ᠤᠯᠤᠰ ᠤᠨ ᠬᠤᠷᠠᠯ ᠢ ᠥᠨᠥᠳᠥᠷ ᠵᠣᠬᠢᠶᠠᠨ ᠪᠠᠶᠢᠭᠤᠯᠵᠤ ᠪᠠᠶᠢᠨ᠎ᠠ᠃  2013 ᠣᠨ ᠠᠴᠠ ᠡᠬᠢᠯᠡᠨ ᠰᠠᠨᠲ ᠫᠸᠲᠸᠷᠪᠦ᠋ᠷᠡᠭ᠂ ᠤᠯᠠᠭᠠᠨᠪᠠᠭᠠᠲᠤᠷ ᠬᠤᠲᠠ ᠳᠤ ᠬᠣᠶᠠᠷ ᠵᠢᠯ ᠲᠤᠲᠤᠮ ᠵᠣᠬᠢᠶᠠᠨ ᠪᠠᠶᠢᠭᠤᠯᠤᠭᠳᠠᠬᠤ ᠪᠣᠯᠤᠭᠰᠠᠨ ᠤᠭ ᠬᠤᠷᠠᠯ ᠨᠢ ᠳᠡᠯᠡᠬᠡᠢ ᠶᠢᠨ ᠤᠯᠤᠰ ᠣᠷᠣᠨ ᠨᠤᠭᠤᠳ ᠲᠤ ᠬᠠᠳᠠᠭᠠᠯᠠᠭᠳᠠᠵᠤ ᠪᠠᠶᠢᠭ᠎ᠠ ᠮᠣᠩᠭᠣᠯ ᠤᠨ ᠲᠡᠦᠬᠡ᠂ ᠰᠣᠶᠣᠯ ᠤᠨ ᠳᠤᠷᠠᠰᠬᠠᠯ ᠤᠳ ᠢ ᠰᠤᠳᠤᠯᠬᠤ᠂ ᠡᠷᠳᠡᠮ ᠰᠢᠨᠵᠢᠯᠡᠭᠡᠨ ᠦ ᠡᠷᠭᠢᠯᠲᠡ ᠳᠦ ᠣᠷᠣᠭᠤᠯᠵᠤ ᠲᠠᠨᠢᠭᠤᠯᠬᠤ᠂ ᠬᠠᠮᠲᠤᠷᠠᠨ ᠬᠡᠪᠯᠡᠵᠦ ᠲᠦᠭᠡᠭᠡᠨ ᠰᠤᠷᠲᠠᠯᠴᠢᠯᠠᠬᠤ᠂ ᠰᠤᠳᠤᠯᠭᠠᠨ ᠤ ᠴᠠᠷ᠎ᠠ ᠬᠦᠷᠢᠶ᠎ᠡ ᠶᠢ ᠲᠡᠯᠡᠵᠦ ᠥᠷᠭᠡᠵᠢᠭᠦᠯᠬᠦ᠂ ᠣᠯᠠᠨ ᠤᠯᠤᠰ ᠤᠨ ᠡᠷᠳᠡᠮᠲᠡᠳ ᠦᠨ ᠬᠦᠴᠦᠨ ᠴᠢᠷᠮᠠᠶᠢᠯᠲᠠ ᠶᠢ ᠨᠢᠭᠡᠳᠬᠡᠨ ᠴᠣᠭᠴᠠ ᠰᠤᠳᠤᠯᠭ᠎ᠠ ᠶᠠᠪᠤᠭᠤᠯᠬᠤ ᠳᠤ ᠴᠢᠭᠯᠡᠭᠰᠡᠨ ᠬᠠᠮᠲᠤ ᠶᠢᠨ ᠠᠵᠢᠯᠯᠠᠭᠠᠨ ᠤ ᠴᠢᠬᠤᠯᠠ ᠠᠷᠭ᠎ᠠ ᠬᠡᠮᠵᠢᠶ᠎ᠡ ᠠᠵᠡᠢ᠃

ᠬᠤᠷᠠᠯ ᠤᠨ ᠵᠣᠷᠢᠯᠭ᠎ᠠ ᠨᠢ ᠮᠣᠩᠭᠣᠯ᠂ ᠣᠷᠣᠰ᠂ ᠬᠢᠲᠠᠳ ᠂ ᠶᠠᠫᠣᠨ ᠤᠯᠤᠰ ᠲᠤ ᠬᠠᠳᠠᠭᠠᠯᠠᠭᠳᠠᠵᠤ ᠪᠠᠶᠢᠭ᠎ᠠ ᠭᠠᠷ ᠪᠢᠴᠢᠮᠡᠯ᠂ ᠰᠤᠷᠪᠤᠯᠵᠢ ᠪᠢᠴᠢᠭ ᠦᠳ᠂ ᠮᠣᠩᠭᠣᠯ ᠰᠤᠳᠤᠯᠤᠭᠠᠴᠢ ᠡᠷᠳᠡᠮᠲᠡᠳ ᠦᠨ ᠰᠠᠩ ᠬᠦᠮᠦᠷᠭᠡ ᠂ ᠪᠦᠲᠦᠭᠡᠯ ᠲᠤᠭᠤᠷᠪᠢᠯ᠂ ᠮᠣᠩᠭᠣᠯ ᠤᠨ ᠬᠡᠯᠡ᠂ ᠲᠡᠦᠬᠡ᠂ ᠰᠤᠶᠤᠯ ᠤᠨ ᠠᠰᠠᠭᠤᠳᠠᠯ ᠤᠳ ᠢ ᠰᠤᠳᠤᠯᠤᠨ ᠰᠢᠨᠵᠢᠯᠡᠭᠰᠡᠨ ᠰᠢᠨ᠎ᠡ ᠪᠠᠷᠢᠮᠲᠠ᠂ ᠡᠬᠡ ᠬᠡᠷᠡᠭᠯᠡᠭᠳᠡᠬᠦᠨ ᠢ ᠡᠷᠳᠡᠮ ᠰᠢᠨᠵᠢᠯᠡᠭᠡᠨ ᠦ ᠡᠷᠭᠢᠯᠲᠡ ᠳᠦ ᠣᠷᠣᠭᠤᠯᠤᠭᠰᠠᠨ ᠰᠣᠨᠢᠷᠬᠠᠯᠲᠠᠢ ᠢᠯᠡᠳᠬᠡᠯ ᠦᠳ ᠢ ᠬᠡᠯᠡᠯᠴᠡᠵᠦ᠂ ᠰᠤᠳᠤᠯᠭ᠎ᠠ ᠰᠢᠨᠵᠢᠯᠡᠭᠡᠨ ᠦ ᠥᠨᠥ ᠶᠢᠨ ᠲᠥᠯᠥᠪ ᠪᠠᠶᠢᠳᠠᠯ ᠤᠨ ᠲᠠᠯ᠎ᠠ ᠪᠠᠷ ᠰᠠᠨᠠᠯ ᠰᠤᠯᠢᠯᠴᠠᠬᠤ᠂ ᠴᠢᠨᠠᠭᠰᠢᠳᠠ ᠶᠢᠨ ᠬᠠᠨᠳᠤᠯᠭ᠎ᠠ᠂ ᠴᠠᠷ᠎ᠠ ᠬᠦᠷ᠎ᠡ ᠶᠢ ᠲᠣᠭᠲᠠᠭᠠᠬᠤ᠂ ᠬᠠᠷᠢᠯᠴᠠᠭ᠎ᠠ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠦ ᠴᠢᠭᠯᠡᠵᠦ ᠪᠠᠶᠢᠭ᠎ᠠ ᠶᠤᠮ ᠃

ᠰᠡᠳᠬᠢᠭᠳᠡᠯ ᠦᠯᠡᠳᠡᠭᠡᠬᠦ