ᠶᠡᠷᠦᠩᠬᠡᠶᠢᠯᠡᠭᠴᠢ ᠬ∙ᠪᠠᠲᠤᠲᠤᠯᠭ᠎ᠠ ᠬᠢᠲᠠᠳ ᠲᠤ ᠠᠶᠢᠯᠴᠢᠯᠠᠨ᠎ᠠ   | News.MN

ᠶᠡᠷᠦᠩᠬᠡᠶᠢᠯᠡᠭᠴᠢ ᠬ∙ᠪᠠᠲᠤᠲᠤᠯᠭ᠎ᠠ ᠬᠢᠲᠠᠳ ᠲᠤ ᠠᠶᠢᠯᠴᠢᠯᠠᠨ᠎ᠠ  

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠦᠨ ᠤᠷᠢᠯᠭ᠎ᠠ ᠪᠠᠷ ᠡᠨᠡ ᠰᠠᠷ᠎ᠠ ᠶᠢᠨ 24-25 ᠍ ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠲᠥᠷᠦ ᠶᠢᠨ ᠠᠶᠢᠯᠴᠢᠯᠠᠯ ᠬᠢᠨ᠎ᠡ᠃ ᠠᠶᠢᠯᠴᠢᠯᠠᠯ ᠤᠨ ᠳᠠᠷᠠᠭ᠎ᠠ᠂ ᠲᠡᠷᠡᠪᠡᠷ ᠡᠨᠡ ᠰᠠᠷ᠎ᠠ ᠶᠢᠨ 26-28  ᠳᠤ ︽ᠪᠦᠰᠡ ᠪᠠ ᠵᠠᠮ︾ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠳᠡᠭᠡᠳᠦ ᠲᠦᠪᠰᠢᠨ ᠦ ᠠᠭᠤᠯᠵᠠᠯᠲᠠ ᠳᠤ ᠤᠷᠢᠯᠭ᠎ᠠ ᠪᠠᠷ ᠣᠷᠣᠯᠴᠠᠨ᠎ᠠ ᠭᠡᠳᠡᠭ ᠢ  ᠭᠠᠳᠠᠭᠠᠳᠤ ᠬᠠᠷᠢᠯᠴᠠᠭᠠᠨ  ᠤ ᠶᠠᠮᠤᠨ  ᠠᠴᠠ ᠮᠡᠳᠡᠭᠡᠯᠡᠪᠡ᠃
ᠠᠶᠢᠯᠴᠢᠯᠠᠯ ᠤᠨ ᠲᠠᠯ᠎ᠠ ᠪᠠᠷ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠰᠢᠩ ᠬᠠᠢ ᠮᠢᠩ ᠡᠨᠡ ᠰᠠᠷ᠎ᠠ ᠶᠢᠨ 19 ᠳᠦ ᠭᠠᠷᠭᠠᠭᠰᠠᠨ ᠠᠯᠪᠠᠨ ᠵᠠᠬᠢᠳᠠᠯ ᠳᠤ ᠪᠠᠨ᠂ ︽ᠨᠢᠭᠡ ᠪᠥᠰᠡ ᠨᠢᠭᠡ ᠵᠠᠮ︾ ᠰᠠᠨᠠᠭᠠᠴᠢᠯᠠᠭ᠎ᠠ ᠪᠣᠯ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠦᠨ 2013 ᠣᠨ ᠳᠤ ᠳᠡᠪᠰᠢᠭᠦᠯᠦᠭᠰᠡᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠴᠢᠬᠤᠯᠠ ᠰᠠᠨᠠᠭᠠᠴᠢᠯᠠᠭ᠎ᠠ᠃ ᠤᠭ ᠰᠠᠨᠠᠭᠠᠴᠢᠯᠠᠭ᠎ᠠ ᠶᠢᠨ ᠭᠣᠣᠯ ᠴᠥᠮ᠎ᠡ ᠨᠢ ᠳᠡᠳ᠋ ᠪᠦᠲᠦᠴᠡ ᠶᠢᠨ ᠬᠠᠷᠢᠯᠴᠠᠭ᠎ᠠ ᠬᠣᠯᠪᠣᠭ᠎ᠠ ᠶᠢ ᠬᠥᠭᠵᠢᠭᠦᠯᠬᠦ ᠳᠦ ᠣᠷᠣᠰᠢᠬᠤ ᠪᠥᠭᠡᠳ ᠪᠦᠰᠡ ᠪᠠ ᠵᠠᠮ ᠳᠠᠭᠠᠤ ᠤᠯᠤᠰ ᠣᠷᠣᠨ ᠨᠤᠭᠤᠳ ᠤᠨ ᠬᠣᠭᠣᠷᠣᠨᠳᠣ ᠲᠥᠷᠦ ᠶᠢᠨ ᠪᠣᠳᠣᠯᠭ᠎ᠠ᠂ ᠬᠥᠭᠵᠢᠯ ᠦᠨ ᠰᠲᠷᠠᠲ᠋ᠧᠭᠢ ᠶᠢᠨ ᠤᠶᠠᠯᠳᠤᠭ᠎ᠠ ᠬᠣᠯᠪᠣᠭ᠎ᠠ ᠶᠢ ᠪᠡᠬᠢᠵᠢᠭᠦᠯᠵᠦ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ ᠶᠢ ᠳᠡᠮᠵᠢᠬᠦ ᠵᠣᠷᠢᠯᠭ᠎ᠠ ᠲᠠᠢ ᠪᠢᠯᠡ᠃ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠡᠨᠡ ᠤᠳᠠᠭ᠎ᠠ ᠶᠢᠨ ᠠᠶᠢᠯᠴᠢᠯᠠᠯ ᠬᠣᠶᠠᠷ ᠤᠯᠤᠰ ᠤᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠶᠢ ᠲᠡᠮᠳᠡᠭᠯᠡᠬᠦ ᠴᠢᠬᠤᠯᠠ ᠦᠶ᠎ᠡ ᠳᠦ ᠲᠣᠬᠢᠶᠠᠵᠤ ᠪᠤᠢ ᠲᠣᠮᠣᠬᠠᠨ ᠦᠢᠯᠡ ᠶᠠᠪᠤᠳᠠᠯ ᠶᠤᠮ᠃

ᠰᠡᠳᠬᠢᠭᠳᠡᠯ ᠦᠯᠡᠳᠡᠭᠡᠬᠦ